ᠪᠠᠢᠭᠠᠯᠢ ᠣᠷᠴᠢᠨ ᠤ ᠰᠠᠢᠳ ᠼ ∙ ᠰᠠᠨᠳᠠᠭᠸᠴᠢᠷ᠂ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠱ ∙ ᠪᠠᠲᠤᠪᠠᠶᠠᠷ ᠨᠠᠷ ᠥᠴᠥᠭᠡᠳᠦᠷ ᠶᠠᠫᠣᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠳ ᠢᠭᠠᠸᠠᠬᠠᠷᠠ ᠮᠠᠰᠤᠷᠦ᠋᠂《ᠮᠣᠪᠢᠺᠣᠮ ᠺᠣᠷᠫᠣᠷᠠᠼ》 ᠦᠨ ᠭᠦᠢᠴᠡᠳᠭᠡᠬᠦ ᠵᠠᠬᠢᠷᠤᠯ ᠶᠠᠰᠤᠾᠢᠷᠤ᠋ ᠣᠴᠢ ᠪᠣᠯᠤᠨ ᠪᠤᠰᠤᠳ ᠠᠯᠪᠠᠨ ᠤ ᠲᠥᠯᠥᠭᠡᠯᠡᠯ ᠢ ᠬᠦᠯᠢᠶᠡᠨ ᠠᠪᠴᠤ ᠠᠭᠤᠯᠵᠠᠯ᠎ᠠ᠃
ᠡᠯᠴᠢᠨ ᠰᠠᠢᠳ ᠢᠭᠠᠸᠠᠬᠠᠷᠠ ᠮᠠᠰᠤᠷᠦ᠋᠂ ᠶᠠᠫᠣᠨ ᠤ ᠵᠠᠰᠠᠭ ᠤᠨ ᠭᠠᠵᠠᠷ ᠨᠥᠮᠥᠷᠭᠡ ᠶᠢᠨ ᠳᠠᠷᠬᠠᠨ ᠴᠠᠭᠠᠵᠠᠲᠤ ᠭᠠᠵᠠᠷ ᠢ ᠨᠥᠬᠥᠨ ᠰᠡᠷᠭᠦᠭᠡᠬᠦ᠂ ᠡᠺᠣ ᠰᠢᠰᠲ᠋ᠧᠮ ᠢ ᠬᠠᠮᠠᠭᠠᠯᠠᠬᠤ ᠴᠢᠭᠯᠡᠯ ᠢᠶᠡᠷ ᠮᠣᠩᠭᠣᠯ ᠤᠯᠤᠰ ᠲᠠᠢ ᠬᠠᠮᠲᠤᠷᠠᠨ ᠠᠵᠢᠯᠯᠠᠬᠤ᠂ ᠪᠦᠬᠦ ᠲᠠᠯ᠎ᠠ ᠪᠠᠷ ᠳᠡᠮᠵᠢᠯᠭᠡ ᠦᠵᠡᠭᠦᠯᠬᠦ ᠳᠦ ᠪᠡᠯᠡᠨ ᠪᠠᠢᠭ᠎ᠠ ᠪᠠᠨ ᠣᠨᠴᠠᠯᠠᠯ᠎ᠠ᠃ ᠮᠥᠨ ᠶᠠᠫᠣᠨ ᠤᠯᠤᠰ ᠤᠨ ᠪᠠᠢᠭᠠᠯᠢ ᠬᠠᠮᠠᠭᠠᠯᠠᠯ᠂ ᠨᠥᠬᠥᠨ ᠰᠡᠷᠭᠦᠭᠡᠯᠲᠡ ᠶᠢᠨ ᠴᠢᠭᠯᠡᠯ ᠢᠶᠡᠷ ᠮᠡᠷᠭᠡᠰᠢᠭᠰᠡᠨ ᠮᠡᠷᠭᠡᠵᠢᠯᠲᠡᠨ ᠢ ᠲᠦᠢᠮᠡᠷ ᠲᠦ ᠥᠷᠲᠦᠭᠰᠡᠨ ᠨᠥᠮᠥᠷᠭᠡ ᠶᠢᠨ ᠳᠠᠷᠬᠠᠨ ᠴᠠᠭᠠᠵᠠᠲᠤ ᠭᠠᠵᠠᠷ ᠲᠤ ᠠᠵᠢᠯᠯᠠᠭᠤᠯᠬᠤ᠂ ᠮᠣᠩᠭᠣᠯ ᠤᠨ ᠮᠡᠷᠭᠡᠵᠢᠯᠲᠡᠳ ᠲᠡᠢ ᠲᠤᠷᠰᠢᠯᠭ᠎ᠠ ᠰᠤᠯᠢᠯᠴᠠᠬᠤ ᠬᠦᠰᠡᠯ ᠲᠡᠢ ᠪᠠᠢᠭ᠎ᠠ ᠪᠠᠨ ᠢᠯᠡᠷᠬᠡᠢᠢᠯᠡᠪᠡ᠃
《ᠮᠣᠪᠢᠺᠣᠮ ᠺᠣᠷᠫᠣᠷᠠᠼ》 ᠦᠨ ᠭᠦᠢᠴᠡᠳᠭᠡᠬᠦ ᠵᠠᠬᠢᠷᠤᠯ ᠶᠠᠰᠤᠾᠢᠷᠤ᠋ ᠣᠴᠢ ᠪᠠᠢᠭᠠᠯᠢ ᠤᠷᠴᠢᠨ ᠳᠤ ᠤᠴᠠᠷᠠᠭᠰᠠᠨ ᠬᠣᠣᠷ ᠬᠣᠬᠢᠷᠠᠯ ᠳᠤ ᠴᠢᠩ ᠰᠡᠳᠬᠢᠯ ᠡᠴᠡ ᠪᠡᠨ ᠬᠠᠷᠠᠮᠰᠠᠵᠤ ᠪᠠᠢᠭ᠎ᠠ ᠪᠠᠨ ᠢᠯᠡᠷᠬᠡᠢᠢᠯᠡᠵᠦ᠂ ᠮᠣᠩᠭᠣᠯ ᠤᠨ ᠠᠷᠠᠳ ᠲᠦᠮᠡᠨ ᠡᠴᠡ ᠠᠭᠤᠴᠢᠯᠠᠯᠲᠠ ᠬᠦᠰᠡᠯ᠎ᠡ᠃ ᠲᠡᠭᠦᠨᠴᠢᠯᠡᠨ ᠲᠦᠢᠮᠡᠷ ᠢ ᠤᠨᠲᠠᠷᠠᠭᠠᠬᠤ ᠠᠵᠢᠯ ᠳᠤ ᠣᠷᠣᠯᠴᠠᠭᠰᠠᠨ ᠨᠡᠢᠲᠡ ᠬᠦᠮᠦᠨ ᠬᠦᠴᠦ᠂ ᠠᠯᠪᠠᠨ ᠬᠠᠭᠠᠭᠴᠢᠳ ᠲᠤ ᠲᠠᠯᠠᠷᠬᠠᠯ ᠢᠯᠡᠷᠬᠡᠢᠢᠯᠡᠵᠦ᠂ ᠴᠢᠨᠠᠭᠰᠢᠳᠠ ᠮᠥᠷᠳᠡᠨ ᠰᠢᠯᠭᠠᠬᠤ ᠠᠵᠢᠯᠯᠠᠭ᠎ᠠ ᠪᠣᠯᠤᠨ ᠪᠠᠢᠭᠠᠯᠢ ᠣᠷᠴᠢᠨ ᠢ ᠬᠠᠮᠠᠭᠠᠯᠠᠬᠤ᠂ ᠨᠥᠬᠥᠨ ᠰᠡᠷᠭᠦᠭᠡᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠨ ᠮᠡᠳᠡᠭᠳᠡᠪᠡ᠃



