ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠱᠠᠨᠰᠢ ᠮᠤᠵᠢ ᠶᠢᠨ ᠶᠠᠩᠯᠢᠩ ᠬᠣᠲᠠ ᠳᠤ ᠡᠨᠡ ᠰᠠᠷ᠎ᠠ ᠶᠢᠨ 25 ᠤ ᠡᠳᠦᠷ ᠵᠣᠬᠢᠶᠠᠨ ᠪᠠᠢᠭᠤᠯᠤᠭᠳᠠᠭᠰᠠᠨ 33 ᠳ᠋ᠤᠭᠠᠷ ᠬᠢᠲᠠᠳ ᠤᠨ ᠶᠠᠩᠯᠢᠩ ᠬᠣᠲᠠ ᠶᠢᠨ ᠬᠥᠳᠡᠭᠡ ᠠᠵᠤ ᠠᠬᠤᠢ ᠶᠢᠨ ᠥᠨᠳᠥᠷ ᠲᠧᠭᠨᠣᠯᠣᠭᠢ ᠶᠢᠨ ᠦᠵᠡᠰᠬᠦᠯᠡᠩ ᠦᠨ ᠬᠦᠷᠢᠶᠡᠨ ᠳᠦ 《ᠬᠥᠳᠡᠭᠡ ᠠᠵᠤ ᠠᠬᠤᠢ ᠶᠢᠨ ᠣᠷᠴᠢᠨ ᠦᠶ᠎ᠡ ᠶᠢᠨ ᠬᠥᠭᠵᠢᠯ ᠦᠨ ᠲᠤᠬᠠᠢ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠢᠭᠤᠯᠤᠯᠭ᠎ᠠ ᠶᠢᠨ ᠳᠤᠭᠤᠢ ᠰᠢᠷᠡᠭᠡᠨ ᠦ ᠪᠠᠭ᠎ᠠ ᠬᠤᠷᠠᠯ》 ᠠᠮᠵᠢᠯᠲᠠ ᠲᠠᠢ ᠵᠣᠬᠢᠶᠠᠨ ᠪᠠᠢᠭᠤᠯᠤᠭᠳᠠᠯ᠎ᠠ᠃
ᠲᠤᠰ ᠬᠤᠷᠠᠯ ᠳᠤ ᠮᠣᠩᠭᠣᠯ ᠤᠯᠤᠰ ᠢ ᠲᠥᠯᠥᠭᠡᠯᠡᠨ ᠬᠦᠨᠡᠰᠦ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠲ ∙ ᠵᠠᠮᠪᠠᠯᠰᠡᠷᠡᠩ ᠣᠷᠣᠯᠴᠠᠵᠤ᠂ ᠪᠥᠰᠡ ᠨᠤᠲᠤᠭ ᠤᠨ ᠬᠡᠮᠵᠢᠶᠡᠨ ᠳᠦ ᠤᠰᠤ ᠶᠢ ᠪᠠᠭ᠎ᠠ ᠵᠠᠷᠤᠴᠠᠭᠤᠯᠵᠤ᠂ ᠬᠦᠨᠡᠰᠦᠨ ᠦ ᠦᠢᠯᠡᠳᠪᠦᠷᠢᠯᠡᠯ ᠢ ᠨᠡᠮᠡᠭᠳᠡᠭᠦᠯᠬᠦ ᠴᠢᠭᠯᠡᠯ ᠢᠶᠡᠷ ᠮᠣᠩᠭᠣᠯ ᠤᠯᠤᠰ ᠤᠨ ᠪᠠᠷᠢᠮᠲᠠᠯᠠᠵᠤ ᠪᠤᠢ ᠪᠣᠳᠣᠯᠭ᠎ᠠ᠂ ᠰᠣᠷᠢᠯᠲᠠ᠂ ᠴᠢᠨᠠᠭᠰᠢᠳᠠ ᠶᠢᠨ ᠰᠢᠢᠳᠦᠯ ᠦᠳ ᠢ ᠲᠠᠨᠢᠯᠴᠠᠭᠤᠯᠪᠠ᠃
ᠮᠣᠩᠭᠣᠯ ᠤᠯᠤᠰ ᠤᠰᠤ ᠬᠤᠷᠠᠮᠲᠤᠯᠠᠭᠤᠯᠬᠤ ᠲᠧᠭᠨᠣᠯᠣᠭᠢ ᠪᠠᠷ ᠳᠠᠮᠵᠢᠭᠤᠯᠤᠨ ᠪᠡᠯᠴᠢᠭᠡᠷ ᠦᠨ ᠤᠰᠤᠨ ᠬᠠᠩᠭᠠᠮᠵᠢ ᠶᠢ ᠰᠠᠢᠵᠢᠷᠠᠭᠤᠯᠬᠤ ᠲᠠᠪᠤᠨ ᠵᠢᠯ ᠦᠨ ᠬᠤᠭᠤᠴᠠᠭ᠎ᠠ ᠲᠠᠢ ᠦᠨᠳᠦᠰᠦᠨ ᠦ ᠰᠠᠨᠠᠭᠠᠴᠢᠯᠠᠭ᠎ᠠ ᠶᠢ ᠪᠣᠯᠪᠠᠰᠤᠷᠠᠭᠤᠯᠵᠤ ᠪᠠᠢᠭ᠎ᠠ ᠪᠥᠭᠡᠳ ᠤᠭ ᠲᠥᠰᠥᠯ ᠦᠨ ᠬᠦᠷᠢᠶᠡᠨ ᠳᠦ ᠭᠠᠵᠠᠷ ᠵᠦᠢ ᠶᠢᠨ ᠮᠡᠳᠡᠭᠡᠯᠡᠯ ᠦᠨ ᠰᠢᠰᠲ᠋ᠧᠮ︵GIS) ᠠᠰᠢᠭᠯᠠᠨ ᠤᠯᠤᠰ ᠤᠨ ᠬᠡᠮᠵᠢᠶᠡᠨ ᠳᠦ 500 ᠠᠴᠠ ᠳᠣᠭᠣᠭᠰᠢ ᠦᠭᠡᠢ ᠪᠣᠯᠤᠮᠵᠢᠲᠤ ᠪᠠᠢᠷᠢᠰᠢᠯ ᠢ ᠲᠣᠭᠲᠠᠭᠠᠵᠤ᠂ ᠭᠣᠪᠢ᠂ ᠬᠡᠭᠡᠷ᠎ᠡ᠂ ᠣᠢᠲᠤ ᠬᠡᠭᠡᠷ᠎ᠡ᠂ ᠠᠭᠤᠯᠠᠷᠬᠠᠭ ᠪᠦᠰ ᠦᠳ ᠲᠦ 20–30 ᠲᠤᠷᠰᠢᠯᠲᠠ ᠶᠢᠨ ᠪᠠᠢᠭᠤᠯᠤᠮᠵᠢ ᠪᠠᠷᠢᠬᠤ ᠪᠠᠷ ᠲᠥᠯᠥᠪᠯᠡᠵᠦ ᠪᠠᠢᠭ᠎ᠠ ᠲᠤᠬᠠᠢ ᠬᠤᠷᠠᠯ ᠳᠤ ᠲᠠᠨᠢᠯᠴᠠᠭᠤᠯᠵᠠᠢ᠃



