ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 81 ᠳ᠋ᠤᠭᠡᠷ ᠴᠢᠭᠤᠯᠭᠠᠨ ᠤ ᠨᠢᠭᠡᠳᠦᠭᠡᠷ ᠬᠣᠷᠢᠶᠠᠨ ᠤ ᠡᠨᠡ ᠰᠠᠷ᠎ᠠ ᠶᠢᠨ 27 ᠳᠦ ᠪᠣᠯᠤᠭᠰᠠᠨ ᠪᠦᠭᠦᠳᠡ ᠬᠤᠷᠠᠯᠳᠤᠭᠠᠨ ᠢᠶᠠᠷ ᠮᠣᠩᠭᠣᠯ ᠤᠯᠤᠰ ᠤᠨ ᠰᠠᠨᠠᠭᠠᠴᠢᠯᠠᠭᠰᠠᠨ 《ᠮᠣᠩᠭᠣᠯ ᠤᠯᠤᠰ ᠤᠨ ᠣᠯᠠᠨ ᠤᠯᠤᠰ ᠤᠨ ᠠᠶᠤᠯᠭᠦᠢ ᠪᠠᠢᠳᠠᠯ᠂ ᠴᠥᠮ᠎ᠡ ᠶᠢᠨ ᠵᠡᠪᠰᠡᠭ ᠦᠭᠡᠢ ᠰᠲ᠋ᠠᠲ᠋ᠦ᠋ᠰ ᠤᠨ ᠲᠤᠬᠠᠢ》 ᠲᠣᠭᠲᠠᠭᠠᠯ ᠤᠨ ᠲᠥᠰᠥᠯ ᠢ ᠬᠡᠯᠡᠯᠴᠡᠵᠦ᠂ ᠨᠡᠢᠲᠡ ᠶᠢᠨ ᠵᠥᠪᠰᠢᠯᠴᠡᠯ ᠢᠶᠡᠷ ᠪᠠᠲᠤᠯᠠᠯ᠎ᠠ᠃
ᠮᠣᠩᠭᠣᠯ ᠤᠯᠤᠰ ᠡᠨᠡ ᠬᠦ ᠲᠣᠭᠲᠠᠭᠠᠯ ᠢ 1998 ᠣᠨ ᠠᠴᠠ ᠬᠣᠢᠰᠢ 2 ᠵᠢᠯ ᠲᠤᠲᠤᠮ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠳᠤ ᠰᠠᠨᠠᠭᠠᠴᠢᠯᠠᠨ ᠬᠡᠯᠡᠯᠴᠡᠭᠦᠯᠵᠦ ᠪᠠᠲᠤᠯᠠᠭᠤᠯᠵᠤ ᠪᠠᠢᠨ᠎ᠠ᠃ ᠡᠨᠡ ᠵᠢᠯ ᠦᠨ ᠴᠢᠭᠤᠯᠭᠠᠨ ᠤ ᠨᠢᠭᠡᠳᠦᠭᠡᠷ ᠬᠣᠷᠢᠶ᠎ᠠ ᠪᠠᠷ ᠪᠠᠲᠤᠯᠠᠭᠰᠠᠨ ᠡᠨᠡ ᠲᠣᠭᠲᠠᠭᠠᠯ ᠳᠤ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ 34 ᠭᠡᠰᠢᠭᠦᠨ ᠤᠯᠤᠰ ᠬᠠᠮᠲᠤᠷᠠᠨ ᠵᠣᠬᠢᠶᠠᠭᠴᠢ ᠪᠠᠷ ᠨᠢᠭᠡᠳᠦᠨ ᠣᠷᠣᠵᠠᠢ᠃v



