13-14 ᠳ᠋ᠤᠭᠡᠷ ᠵᠠᠭᠤᠨ ᠤ ᠨᠡᠩ ᠬᠣᠪᠣᠷ 38 ᠪᠠᠷᠢᠮᠲᠠ ᠪᠢᠴᠢᠭ ᠦᠨ ᠬᠠᠭᠤᠯᠪᠤᠷᠢ ᠶᠢ ᠬᠦᠯᠢᠶᠡᠨ ᠠᠪᠤᠪᠠ | News.MN

13-14 ᠳ᠋ᠤᠭᠡᠷ ᠵᠠᠭᠤᠨ ᠤ ᠨᠡᠩ ᠬᠣᠪᠣᠷ 38 ᠪᠠᠷᠢᠮᠲᠠ ᠪᠢᠴᠢᠭ ᠦᠨ ᠬᠠᠭᠤᠯᠪᠤᠷᠢ ᠶᠢ ᠬᠦᠯᠢᠶᠡᠨ ᠠᠪᠤᠪᠠ

ᠮᠣᠩᠭᠣᠯ ᠤᠯᠤᠰ ᠠᠴᠠ ᠭᠡᠭᠡᠨ ᠰᠢᠷᠡᠭᠡᠲᠦ ᠤᠯᠤᠰ ᠲᠤ ᠬᠠᠪᠰᠤᠷᠤᠨ ᠰᠠᠭᠤᠭ᠎ᠠ ᠡᠯᠴᠢᠨ ᠰᠠᠢᠳ ᠳ ∙ ᠭᠡᠷᠡᠯᠮ᠎ᠠ ᠸᠠᠲ᠋ᠢᠺᠠᠨ ᠤ ᠠᠫᠤᠰᠲ᠋ᠤᠯ ᠤᠨ ᠠᠷᠬᠢᠸ ᠤᠨ ᠲᠡᠷᠢᠭᠦᠨ ᠫᠠᠤᠯᠠ ᠸᠢᠶᠠᠨ᠂ ᠸᠠᠲ᠋ᠢᠺᠠᠨ ᠤᠠ ᠠᠫᠤᠰᠲ᠋ᠤᠯ ᠤᠨ ᠨᠣᠮ ᠤᠨ ᠰᠠᠩ ᠤᠨ ᠲᠡᠷᠢᠭᠦᠨ ᠮᠠᠦᠷᠤ᠋ ᠮᠠᠨᠲ᠋ᠣᠸᠠᠨᠢ ᠨᠠᠷ ᠲᠠᠢ ᠡᠨᠡ ᠰᠠᠷ᠎ᠠ ᠶᠢᠨ 26 ᠳᠦ ᠸᠠᠲ᠋ᠢᠺᠠᠨ  ᠳᠤ ᠠᠭᠤᠯᠵᠠᠪᠠ᠃

ᠲᠡᠳᠡ ᠮᠣᠩᠭᠣᠯ ᠤᠨ ᠲᠠᠯ᠎ᠠ ᠳᠤ ᠬᠦᠯᠢᠶᠡᠯᠭᠡᠨ ᠥᠭ᠍ᠭᠦᠭ᠍ᠰᠡᠨ ᠪᠢᠴᠢᠭ ᠰᠤᠷᠪᠤᠯᠵᠢ ᠠᠴᠠ ᠭᠠᠳᠠᠨ᠎ᠠ ᠲᠡᠨᠳᠡ ᠬᠠᠳᠠᠭᠠᠯᠠᠭᠳᠠᠵᠤ ᠪᠤᠢ ᠮᠣᠩᠭᠣᠯ ᠬᠡᠯᠡ ᠪᠢᠴᠢᠭ᠂ ᠲᠡᠦᠬᠡ ᠰᠤᠶᠤᠯ ᠤᠨ ᠥᠪ ᠲᠦ ᠬᠣᠯᠪᠣᠭᠳᠠᠬᠤ ᠬᠣᠪᠣᠷ ᠡᠬᠢ ᠰᠤᠷᠪᠤᠯᠵᠢ᠂ ᠲᠤᠬᠠᠢᠯᠠᠪᠠᠯ᠂ ᠬᠢᠲᠠᠳ ᠮᠣᠩᠭᠣᠯ ᠪᠣᠯᠤᠨ ᠲᠥᠪᠡᠳ ᠮᠣᠩᠭᠣᠯ ᠬᠡᠯᠡᠨ ᠦ ᠮᠣᠳᠣᠨ ᠪᠠᠷ ᠤᠨ ᠲᠣᠯᠢ ᠪᠢᠴᠢᠭ᠂ ᠮᠣᠩᠭᠣᠯ ᠪᠢᠴᠢᠭ ᠦᠨ ᠭᠠᠷ ᠪᠢᠴᠢᠮᠡᠯ᠂ ᠱᠠᠰᠢᠨ ᠤ ᠰᠤᠷᠭᠠᠯ᠂ ᠨᠣᠮᠯᠠᠯ ᠤᠨ ᠣᠷᠴᠢᠭᠤᠯᠭ᠎ᠠ᠂ ᠮᠣᠩᠭᠣᠯ ᠪᠣᠯᠤᠨ ᠬᠠᠯᠢᠮᠠᠭ ᠬᠡᠯᠡ ᠪᠡᠷ ᠬᠡᠪᠯᠡᠭᠳᠡᠭᠰᠡᠨ ᠬᠣᠪᠣᠷ ᠨᠣᠮ ᠰᠤᠳᠤᠷ ᠢ ᠴᠢᠨᠠᠭᠰᠢᠳᠠ ᠬᠠᠮᠲᠤᠷᠠᠨ ᠰᠤᠳᠤᠯᠬᠤ᠂ ᠪᠦᠷᠢᠳᠬᠡᠯ ᠮᠡᠳᠡᠭᠡᠯᠡᠯ ᠢ ᠨᠠᠷᠢᠪᠴᠢᠯᠠᠨ ᠲᠣᠭᠲᠠᠭᠠᠬᠤ᠂ ᠴᠠᠬᠢᠮᠵᠢᠭᠤᠯᠬᠤ᠂ ᠬᠠᠭᠤᠯᠪᠤᠷᠢᠯᠠᠨ ᠠᠪᠬᠤ᠂ ᠡᠬᠡ ᠪᠢᠴᠢᠪᠦᠷᠢ ᠶᠢ ᠣᠷᠴᠢᠭᠤᠯᠵᠤ ᠲᠠᠢᠯᠪᠤᠷᠢᠯᠠᠬᠤ᠂ ᠡᠷᠳᠡᠮ ᠰᠢᠨᠵᠢᠯᠡᠭᠡᠨ ᠦ ᠪᠦᠲᠦᠭᠡᠯ᠂ ᠡᠬᠢ ᠰᠤᠷᠪᠤᠯᠵᠢ ᠶᠢᠨ ᠡᠮᠬᠢᠳᠬᠡᠯ᠂ ᠴᠠᠬᠢᠮ ᠮᠡᠳᠡᠭᠡᠯᠡᠯ ᠦᠨ ᠰᠠᠩ ᠬᠡᠯᠪᠡᠷᠢ ᠪᠡᠷ ᠰᠤᠳᠤᠯᠭᠠᠨ ᠤ ᠡᠷᠭᠢᠯᠲᠡ ᠳᠦ ᠤᠷᠤᠭᠤᠯᠬᠤ ᠪᠣᠯᠤᠮᠵᠢ ᠶᠢᠨ ᠲᠠᠯ᠎ᠠ ᠪᠠᠷ ᠰᠠᠨᠠᠯ ᠰᠤᠯᠢᠯᠴᠠᠪᠠ᠃

ᠮᠣᠩᠭᠣᠯ ᠤᠯᠤᠰ ᠤᠨ ᠬᠦᠯᠢᠶᠡᠨ ᠠᠪᠤᠭᠰᠠᠨ ᠪᠠᠷᠢᠮᠲᠠ ᠪᠢᠴᠢᠭ ᠲᠦ ᠮᠣᠩᠭᠣᠯ ᠤᠨ ᠶᠡᠬᠡ ᠬᠠᠭᠠᠨ  ᠭᠥᠶᠥᠭ ᠦᠨ ᠵᠠᠬᠢᠳᠠᠯ᠂ ᠷᠣᠮ ᠤᠨ ᠫᠠᠫ ᠤᠨ 1245 ᠣᠨ ᠳᠤ ᠮᠣᠩᠭᠣᠯ ᠤᠨ ᠶᠡᠬᠡ ᠬᠠᠭᠠᠨ ᠳᠤ ᠢᠯᠡᠭᠡᠭᠰᠡᠨ ᠵᠠᠬᠢᠳᠠᠯ ᠤᠳ᠂ ᠷᠣᠮ ᠤᠨ ᠫᠠᠫ ᠤᠨ 1278 ᠣᠨ ᠳᠤ ᠬᠤᠪᠢᠯᠠᠢ ᠬᠠᠭᠠᠨ ᠳᠤ ᠢᠯᠡᠭᠡᠭᠰᠡᠨ ᠵᠠᠬᠢᠳᠠᠯ ᠵᠡᠷᠭᠡ ᠪᠠᠭᠲᠠᠵᠤ ᠪᠤᠢ᠃

ᠰᠡᠳᠬᠢᠭᠳᠡᠯ ᠦᠯᠡᠳᠡᠭᠡᠬᠦ