ᠶᠡᠷᠦᠩᠬᠡᠢ ᠰᠠᠢᠳ ᠨ ∙ ᠤᠴᠠᠷᠠᠯ ᠶᠠᠫᠣᠨ ᠤ ᠶᠡᠷᠦᠩᠬᠡᠢ ᠰᠠᠢᠳ ᠰ ∙ ᠲᠠᠺᠠᠶ᠋ᠢᠴᠢ ᠲᠠᠢ ᠤᠲᠠᠰᠤ ᠪᠠᠷ ᠶᠠᠷᠢᠵᠠᠢ | News.MN

ᠶᠡᠷᠦᠩᠬᠡᠢ ᠰᠠᠢᠳ ᠨ ∙ ᠤᠴᠠᠷᠠᠯ ᠶᠠᠫᠣᠨ ᠤ ᠶᠡᠷᠦᠩᠬᠡᠢ ᠰᠠᠢᠳ ᠰ ∙ ᠲᠠᠺᠠᠶ᠋ᠢᠴᠢ ᠲᠠᠢ ᠤᠲᠠᠰᠤ ᠪᠠᠷ ᠶᠠᠷᠢᠵᠠᠢ

ᠶᠠᠫᠣᠨ ᠤᠯᠤᠰ ᠤᠨ ᠶᠡᠷᠦᠩᠬᠡᠢ ᠰᠠᠢᠳ ᠰ ∙ ᠲᠠᠺᠠᠶ᠋ᠢᠴᠢ ᠲᠦᠢᠮᠡᠷ ᠦᠨ ᠤᠯᠠᠮ ᠠᠴᠠ ᠤᠴᠠᠷᠠᠭᠰᠠᠨ ᠬᠣᠬᠢᠷᠠᠯ ᠳᠤ ᠰᠡᠳᠬᠢᠯ ᠵᠣᠪᠠᠨᠢᠵᠤ ᠪᠤᠢ ᠪᠠᠨ ᠶᠡᠷᠦᠩᠬᠡᠢ ᠰᠠᠢᠳ ᠨ ∙ ᠤᠴᠠᠷᠠᠯ ᠳᠤ ᠢᠯᠡᠷᠬᠡᠢᠢᠯᠡᠵᠦ᠂ ᠮᠣᠩᠭᠣᠯ ᠤᠨ ᠠᠷᠠᠳ ᠲᠦᠮᠡᠨ ᠳᠦ ᠭᠦᠨ᠎ᠡ ᠬᠠᠷᠠᠮᠰᠠᠵᠤ ᠪᠠᠢᠭ᠎ᠠ ᠪᠠᠨ ᠤᠯᠠᠮᠵᠢᠯᠠᠵᠠᠢ᠃

ᠮᠥᠨ ᠲᠡᠷᠡ ᠶᠠᠫᠣᠨ ᠤ JICA ᠠᠴᠠ ᠮᠡᠷᠭᠡᠵᠢᠯ ᠦᠨ ᠪᠠᠭ ᠢᠯᠡᠭᠡᠭᠰᠡᠨ᠃ ᠡᠨᠡ ᠪᠠᠭ ᠤᠨ ᠳ᠋ᠦᠩᠨᠡᠯᠲᠡ ᠳᠦ ᠦᠨᠳᠦᠰᠦᠯᠡᠨ ᠨᠥᠮᠥᠷᠭᠡ ᠶᠢᠨ ᠳᠠᠷᠬᠠᠨ ᠴᠠᠭᠠᠵᠠᠲᠤ ᠭᠠᠵᠠᠷ ᠤᠨ ᠨᠥᠬᠥᠨ ᠰᠡᠷᠭᠦᠭᠡᠯᠲᠡ ᠳᠦ ᠬᠤᠪᠢ ᠨᠡᠮᠡᠷᠢ ᠤᠷᠤᠭᠤᠯᠬᠤ ᠬᠠᠮᠲᠤ ᠶᠢᠨ ᠠᠵᠢᠯᠯᠠᠭ᠎ᠠ ᠶᠢ ᠬᠡᠷᠡᠭᠵᠢᠭᠦᠯᠬᠦ ᠪᠡᠷ ᠲᠥᠯᠥᠪᠯᠡᠵᠦ ᠪᠠᠢᠭ᠎ᠠ ᠪᠠᠨ ᠮᠡᠳᠡᠭᠳᠡᠭᠰᠡᠨ ᠪᠠᠢᠨ᠎ᠠ᠃

ᠶᠡᠷᠦᠩᠬᠡᠢ ᠰᠠᠢᠳ ᠨ ∙ ᠤᠴᠠᠷᠠᠯ ᠶᠠᠫᠣᠨ ᠤ ᠵᠠᠰᠠᠭ ᠤᠨ ᠭᠠᠵᠠᠷ ᠲᠦᠢᠮᠡᠷ ᠦᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠨᠳᠤᠵᠤ᠂ ᠪᠠᠢᠭᠠᠯᠢ ᠣᠷᠴᠢᠨ ᠤ ᠨᠥᠬᠥᠨ ᠰᠡᠷᠭᠦᠭᠡᠯᠲᠡ ᠶᠢ ᠦᠶ᠎ᠡ ᠱᠠᠲᠤ ᠲᠠᠢ᠂ ᠦᠷ᠎ᠡ ᠳ᠋ᠦᠩ ᠲᠡᠢ ᠬᠡᠷᠡᠭᠵᠢᠭᠦᠯᠬᠦ ᠪᠡᠷ ᠲᠥᠯᠥᠪᠯᠡᠵᠦ ᠪᠤᠢ ᠳᠤ ᠲᠠᠯᠠᠷᠬᠠᠯ ᠢᠯᠡᠷᠬᠡᠢᠢᠯᠡᠵᠦ᠂ ᠬᠠᠮᠲᠤᠷᠠᠨ ᠠᠵᠢᠯᠯᠠᠬᠤ ᠪᠠᠨ ᠮᠡᠳᠡᠭᠳᠡᠵᠡᠢ᠃

ᠰᠡᠳᠬᠢᠭᠳᠡᠯ ᠦᠯᠡᠳᠡᠭᠡᠬᠦ