ᠮᠣᠩᠭᠣᠯ ᠤᠯᠤᠰ᠂ ᠪᠦᠭᠦᠳᠡ ᠨᠠᠢᠷᠠᠮᠳᠠᠬᠤ ᠦᠽᠪᠧᠺᠰᠲ᠋ᠠᠨ ᠤᠯᠤᠰ ᠤᠨ ᠭᠠᠳᠠᠭᠠᠳᠤ ᠬᠤᠳᠠᠯᠳᠤᠭᠠᠨ ᠤ ᠨᠡᠢᠲᠡ ᠪᠠᠷᠠᠭ᠎ᠠ ᠡᠷᠭᠢᠯᠲᠡ 2025 ᠣᠨ ᠳᠤ 32 ᠰᠠᠶ᠎ᠠ ᠳ᠋ᠣᠯᠯᠠᠷ ᠲᠤ ᠬᠦᠷᠴᠦ᠂ ᠡᠮᠦᠨᠡᠬᠢ ᠣᠨ ᠤ ᠬᠢ ᠠᠴᠠ ᠭᠤᠷᠪᠠ ᠳᠠᠬᠢᠨ ᠥᠰᠴᠠᠢ᠃ ᠬᠣᠶᠠᠷ ᠤᠯᠤᠰ ᠤᠨ ᠬᠤᠳᠠᠯᠳᠤᠭᠠᠨ ᠳᠤ ᠮᠣᠩᠭᠣᠯ ᠤᠯᠤᠰ ᠠᠴᠠ ᠦᠽᠪᠧᠺᠰᠲ᠋ᠠᠨ ᠤᠷᠤᠭᠤ ᠭᠣᠣᠯᠴᠢᠯᠠᠨ ᠮᠠᠯ ᠤᠨ ᠮᠢᠬ᠎ᠠ ᠬᠤᠳᠠᠯᠳᠤᠵᠤ ᠪᠠᠢᠭ᠎ᠠ ᠪᠣᠯ ᠦᠽᠪᠧᠺᠰᠲ᠋ᠠᠨ ᠠᠴᠠ ᠬᠦᠨᠡᠰᠦᠨ ᠦ ᠪᠦᠲᠦᠭᠡᠭᠳᠡᠬᠦᠨ᠂ ᠵᠢᠮᠢᠰ ᠣᠷᠣᠭᠤᠯᠵᠤ ᠪᠠᠢᠨ᠎ᠠ᠃
ᠡᠭᠦᠨ ᠲᠡᠢ ᠬᠣᠯᠪᠣᠭᠠᠲᠠᠢ ᠪᠠᠷ ᠮᠣᠩᠭᠣᠯ ᠤᠯᠤᠰ ᠤᠨ ᠭᠠᠢᠯᠢ ᠶᠢᠨ ᠶᠡᠷᠦᠩᠬᠡᠢ ᠭᠠᠵᠠᠷ ᠤᠨ ᠳᠡᠳ᠋ ᠳᠠᠷᠤᠭ᠎ᠠ ᠭ ∙ ᠡᠩᠬᠡᠲᠠᠢᠪᠤᠩ ᠠᠷᠪᠠᠳᠤᠭᠠᠷ ᠰᠠᠷ᠎ᠠ ᠶᠢᠨ 30 ᠳᠦ ᠪᠦᠭᠦᠳᠡ ᠨᠠᠢᠷᠠᠮᠳᠠᠬᠤ ᠦᠽᠪᠧᠺᠰᠲ᠋ᠠᠨ ᠤᠯᠤᠰ ᠤᠨ ᠭᠠᠢᠯᠢ ᠶᠢᠨ ᠪᠠᠢᠭᠤᠯᠤᠯᠭ᠎ᠠ ᠶᠢᠨ ᠲᠥᠯᠥᠭᠡᠯᠡᠭᠴᠢᠳ ᠲᠡᠢ ᠠᠭᠤᠯᠵᠠᠵᠤ᠂ ᠬᠣᠶᠠᠷ ᠤᠯᠤᠰ ᠤᠨ ᠭᠠᠢᠯᠢ ᠶᠢᠨ ᠪᠠᠢᠭᠤᠯᠤᠯᠭ᠎ᠠ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠠᠰᠠᠭᠤᠳᠠᠯ ᠢᠶᠠᠷ ᠰᠠᠨᠠᠯ ᠰᠣᠯᠢᠯᠴᠠᠵᠠᠢ᠃
ᠠᠭᠤᠯᠵᠠᠯᠲᠠ ᠪᠠᠷ ᠬᠣᠶᠠᠷ ᠤᠯᠤᠰ ᠤᠨ ᠭᠠᠢᠯᠢ ᠶᠢᠨ ᠪᠠᠢᠭᠤᠯᠤᠯᠭ᠎ᠠ ᠶᠢᠨ ᠬᠠᠮᠲᠤ ᠶᠢᠨ ᠠᠵᠢᠯᠯᠠᠭᠠᠨ ᠤ ᠡᠷᠬᠡ ᠵᠦᠢ ᠶᠢᠨ ᠦᠨᠳᠦᠰᠦ ᠶᠢ ᠪᠦᠷᠢᠳᠦᠭᠦᠯᠬᠦ ᠵᠣᠷᠢᠯᠭ᠎ᠠ ᠪᠠᠷ 《ᠭᠠᠢᠯᠢ ᠶᠢᠨ ᠠᠰᠠᠭᠤᠳᠠᠯ ᠢᠶᠠᠷ ᠬᠠᠮᠲᠤᠷᠠᠨ ᠠᠵᠢᠯᠯᠠᠬᠤ᠂ ᠬᠠᠷᠢᠯᠴᠠᠨ ᠲᠤᠰᠠᠯᠠᠯᠴᠠᠭ᠎ᠠ ᠦᠵᠡᠭᠦᠯᠬᠦ ᠲᠤᠬᠠᠢ ᠮᠣᠩᠭᠣᠯ ᠤᠯᠤᠰ᠂ ᠪᠦᠭᠦᠳᠡ ᠨᠠᠢᠷᠠᠮᠳᠠᠬᠤ ᠦᠽᠪᠧᠺᠰᠲ᠋ᠠᠨ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ》 ᠢ ᠪᠠᠢᠭᠤᠯᠬᠤ ᠠᠰᠠᠭᠤᠳᠠᠯ ᠢ ᠬᠡᠯᠡᠯᠴᠡᠭᠰᠡᠨ ᠪᠠᠢᠨ᠎ᠠ᠃



