ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠪ ∙ ᠡᠩᠬᠡᠪᠠᠶᠠᠷ ᠮᠣᠩᠭᠣᠯ-ᠰᠣᠯᠣᠩᠭᠣᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠠᠮᠲᠤᠷᠠᠭᠰᠠᠨ ᠬᠣᠷᠢᠶᠠᠨ ᠤ ᠠᠷᠪᠠᠳᠤᠭᠠᠷ ᠬᠤᠷᠠᠯᠳᠤᠭᠠᠨ ᠳᠤ ᠤᠷᠤᠯᠴᠠᠬᠤ ᠦᠶ᠎ᠡ ᠪᠡᠷ ᠢᠶᠡᠨ ᠲᠤᠰ ᠤᠯᠤᠰ ᠲᠤ ᠠᠵᠢᠯᠯᠠᠵᠤ᠂ ᠠᠮᠢᠳᠤᠷᠠᠵᠤ ᠪᠤᠢ ᠢᠷᠭᠡᠳ ᠰᠣᠯᠣᠩᠭᠣᠰ ᠤᠨ ᠵᠢᠯᠤᠭᠤᠨ ᠤ ᠰᠢᠯᠭᠠᠯᠲᠠ ᠶᠢ ᠡᠬᠡ ᠬᠡᠯᠡ ᠪᠡᠷ ᠢᠶᠡᠨ ᠥᠭᠬᠦ ᠦᠢᠯᠡᠴᠢᠯᠡᠭᠡᠨ ᠦ ᠨᠡᠭᠡᠭᠡᠯᠲᠡ ᠶᠢᠨ ᠠᠷᠭ᠎ᠠ ᠬᠡᠮᠵᠢᠶᠡᠨ ᠳᠦ ᠣᠷᠣᠯᠴᠠᠵᠠᠢ᠃
ᠪᠦᠭᠦᠳᠡ ᠨᠠᠢᠷᠠᠮᠳᠠᠬᠤ ᠰᠣᠯᠣᠩᠭᠣᠰ ᠤᠯᠤᠰ ᠤᠨ ᠵᠢᠯᠤᠭᠤᠳᠬᠤ ᠡᠷᠬᠡ ᠶᠢᠨ ᠰᠢᠯᠭᠠᠯᠲᠠ ᠶᠢᠨ 27 ᠲᠥᠪ ᠲᠤ ᠣᠨᠣᠯ ᠤᠨ ᠰᠢᠯᠭᠠᠯᠲᠠ ᠶᠢᠨ 1800 ᠠᠰᠠᠭᠤᠯᠲᠠ ᠶᠢ ᠮᠣᠩᠭᠣᠯ ᠬᠡᠯᠡ ᠪᠡᠷ ᠣᠷᠴᠢᠭᠤᠯᠤᠭᠰᠠᠨ ᠪᠥᠭᠡᠳ ᠵᠢᠯᠤᠭᠤᠨ ᠤ ᠰᠢᠯᠭᠠᠯᠲᠠ ᠥᠭᠬᠦ ᠦᠢᠯᠡᠴᠢᠯᠡᠭᠡ ᠶᠢ 2026 ᠣᠨ ᠤ 10 ᠳ᠋ᠤᠭᠠᠷ ᠰᠠᠷ᠎ᠠ ᠶᠢᠨ 29 ᠡᠴᠡ ᠪᠦᠷᠢᠨ ᠨᠡᠪᠲᠡᠷᠡᠭᠦᠯᠵᠡᠢ᠃



