ᠴᠧᠬᠣᠰᠯᠣᠸᠠᠺ ᠤᠯᠤᠰ ᠪᠠᠢᠭᠤᠯᠤᠭᠳᠠᠭᠰᠠᠨ 108 ᠵᠢᠯ ᠦᠨ ᠣᠢ ᠳᠤ ᠵᠣᠷᠢᠭᠤᠯᠤᠭᠰᠠᠨ ᠬᠦᠨᠳᠦᠳᠬᠡᠯ ᠦᠨ ᠠᠷᠭ᠎ᠠ ᠬᠡᠮᠵᠢᠶ᠎ᠡ ᠶᠢ ᠮᠣᠩᠭᠣᠯ ᠤᠯᠤᠰ ᠲᠤ ᠰᠠᠭᠤᠬᠤ ᠴᠧᠾ ᠤᠨ ᠡᠯᠴᠢᠨ ᠰᠠᠢᠳ ᠤᠨ ᠶᠠᠮᠤᠨ ᠠᠴᠠ ᠠᠷᠪᠠᠳᠤᠭᠠᠷ ᠰᠠᠷ᠎ᠠ ᠶᠢᠨ 28 ᠳᠦ ᠤᠯᠠᠭᠠᠨᠪᠠᠭᠠᠲᠤᠷ ᠲᠤ ᠵᠣᠬᠢᠶᠠᠨ ᠪᠠᠢᠭᠤᠯᠤᠯ᠎ᠠ᠃ ᠠᠷᠭ᠎ᠠ ᠬᠡᠮᠵᠢᠶᠡᠨ ᠳᠦ ᠳ᠋ᠢᠫᠯᠣᠮᠠᠲ ᠲᠥᠯᠥᠭᠡᠯᠡᠭᠴᠢᠳ᠂ ᠲᠥᠷᠥ ᠶᠢᠨ ᠪᠣᠯᠤᠨ ᠪᠢᠽᠢᠨᠧᠰ ᠦᠨ ᠰᠠᠯᠪᠤᠷᠢ ᠶᠢᠨ ᠲᠥᠯᠥᠭᠡᠯᠡᠯ᠂ ᠴᠧᠾ ᠂ ᠮᠣᠩᠭᠣᠯ ᠤᠨ ᠬᠠᠷᠢᠯᠴᠠᠭᠠᠨ ᠳᠤ ᠬᠤᠪᠢ ᠨᠡᠮᠡᠷᠢ ᠣᠷᠣᠭᠤᠯᠵᠤ ᠪᠤᠢ ᠵᠣᠴᠢᠳ ᠣᠷᠣᠯᠴᠠᠵᠤ᠂ ᠴᠧᠾ ᠦᠨ ᠲᠡᠦᠬᠡ᠂ ᠰᠤᠶᠤᠯ᠂ ᠤᠯᠠᠮᠵᠢᠯᠠᠯ ᠲᠠᠢ ᠲᠠᠨᠢᠯᠴᠠᠯ᠎ᠠ᠃
1918 ᠣᠨ ᠤ ᠠᠷᠪᠠᠳᠤᠭᠠᠷ ᠰᠠᠷ᠎ᠠ ᠶᠢᠨ 28 ᠳᠦ ᠴᠧᠬᠣᠰᠯᠣᠸᠠᠺ ᠤᠯᠤᠰ ᠲᠤᠰᠠᠭᠠᠷ ᠲᠣᠭᠲᠠᠨᠢᠯ ᠢᠶᠠᠨ ᠵᠠᠷᠯᠠᠭᠰᠠᠨ ᠨᠢ ᠲᠥᠪ ᠧᠦ᠋ᠷᠣᠫᠠ ᠶᠢᠨ ᠲᠡᠦᠬᠡᠨ ᠳ᠋ᠡᠬᠢ ᠴᠢᠬᠤᠯᠠ ᠦᠢᠯᠡ ᠶᠠᠪᠤᠳᠠᠯ ᠤᠳ ᠤᠨ ᠨᠢᠭᠡ ᠪᠠᠢᠪᠠ᠃ ᠠᠷᠭ᠎ᠠ ᠬᠡᠮᠵᠢᠶᠡᠨ ᠦ ᠦᠶ᠎ᠡ ᠪᠡᠷ ᠪᠦᠭᠦᠳᠡ ᠨᠠᠢᠷᠠᠮᠳᠠᠬᠤ ᠴᠧᠾ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠳ ᠵᠣᠴᠢᠳ ᠲᠤ ᠬᠠᠨᠳᠤᠨ ᠦᠭᠡ ᠬᠡᠯᠡᠵᠦ᠂ ᠴᠧᠾ ᠤᠯᠤᠰ ᠤᠨ ᠲᠤᠰᠠᠭᠠᠷ ᠲᠣᠭᠲᠠᠨᠢᠯ ᠤᠨ ᠲᠡᠦᠬᠡᠨ ᠠᠴᠢ ᠬᠣᠯᠪᠣᠭᠳᠠᠯ᠂ ᠬᠣᠶᠠᠷ ᠣᠷᠣᠨ ᠤ ᠨᠠᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠣᠨᠴᠠᠯᠠᠨ ᠲᠡᠮᠳᠡᠭᠯᠡᠪᠡ᠃
ᠮᠣᠩᠭᠣᠯ ᠤᠯᠤᠰ᠂ ᠪᠦᠭᠦᠳᠡ ᠨᠠᠢᠷᠠᠮᠳᠠᠬᠤ ᠴᠧᠾ ᠤᠯᠤᠰ ᠤᠨ ᠳ᠋ᠢᠫᠯᠣᠮᠠᠲ ᠬᠠᠷᠢᠯᠴᠠᠭ᠎ᠠ 1950 ᠣᠨ ᠤ ᠳᠥᠷᠪᠡᠳᠦᠭᠡᠷ ᠰᠠᠷ᠎ᠠ ᠶᠢᠨ 25 ᠳᠦ᠂ ᠲᠤᠬᠠᠢ ᠶᠢᠨ ᠦᠶ᠎ᠡ ᠶᠢᠨ ᠪᠦᠭᠦᠳᠡ ᠨᠠᠢᠷᠠᠮᠳᠠᠬᠤ ᠴᠧᠬᠣᠰᠯᠣᠸᠠᠺ ᠤᠯᠤᠰ ᠲᠠᠢ ᠲᠣᠭᠲᠠᠭᠠᠭᠰᠠᠨ ᠠᠴᠠ ᠬᠣᠢᠰᠢ 76 ᠳ᠋ᠡᠬᠢ ᠵᠢᠯ ᠳᠦ ᠪᠡᠨ ᠦᠷᠭᠦᠯᠵᠢᠯᠡᠵᠦ ᠪᠠᠢᠨ᠎ᠠ᠃ ᠴᠧᠬᠣᠰᠯᠣᠸᠠᠺ ᠤᠯᠤᠰ ᠮᠣᠩᠭᠣᠯ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠳᠡᠯᠡᠬᠡᠢ ᠶᠢᠨ ᠳᠥᠷᠪᠡᠳ᠋ᠡᠬᠢ ᠤᠯᠤᠰ ᠪᠠᠢᠪᠠ᠃
ᠴᠧᠬᠣᠰᠯᠣᠸᠠᠺ ᠪᠣᠯᠤᠨ ᠮᠣᠩᠭᠣᠯ ᠤᠨ ᠭᠧᠣᠯᠣᠭᠢᠴᠢᠳ ᠤᠨ ᠬᠠᠮᠲᠤ ᠶᠢᠨ ᠠᠵᠢᠯᠯᠠᠭ᠎ᠠ《ᠡᠷᠳᠡᠨᠢᠲᠦ》 ᠶᠢᠨ ᠵᠡᠰ᠂ ᠮᠣᠯᠢᠪᠳᠧᠨ ᠦ ᠣᠷᠳᠣ ᠶᠢ ᠢᠯᠡᠷᠡᠭᠦᠯᠬᠦ ᠳᠦ ᠴᠢᠬᠤᠯᠠ ᠬᠤᠪᠢ ᠨᠡᠮᠡᠷᠢ ᠣᠷᠣᠭᠤᠯᠤᠭᠰᠠᠨ᠃ ᠮᠥᠨ ᠳᠠᠷᠬᠠᠨ ᠤ ᠼᠧᠮᠧᠨᠲ ᠦᠨ ᠦᠢᠯᠡᠳᠪᠦᠷᠢ᠂ ᠠᠷᠠᠰᠤ ᠰᠢᠷᠢ᠂ ᠭᠤᠲᠤᠯ ᠤᠨ ᠦᠢᠯᠡᠳᠪᠦᠷᠢᠯᠡᠯ᠂ ᠡᠷᠡᠭᠦᠯ ᠮᠡᠨᠳᠦ ᠶᠢᠨ ᠰᠠᠯᠪᠤᠷᠢ ᠶᠢᠨ ᠬᠥᠭᠵᠢᠯ ᠳᠦ ᠴᠧᠾ ᠦᠨ ᠮᠡᠷᠭᠡᠵᠢᠯᠲᠡᠳ ᠦᠨ ᠣᠷᠣᠯᠴᠠᠭ᠎ᠠ᠂ ᠲᠧᠭᠨᠢᠭ ᠦᠨ ᠲᠤᠰᠠᠯᠠᠯᠴᠠᠭ᠎ᠠ ᠬᠤᠪᠢ ᠨᠡᠮᠡᠷᠢ ᠣᠷᠣᠭᠤᠯᠵᠤ ᠪᠠᠢᠵᠠᠢ᠃
ᠬᠠᠷᠢᠯᠴᠠᠭᠠᠨ ᠤ ᠰᠢᠨ᠎ᠡ ᠱᠠᠲᠤ ᠨᠢ 2025 ᠣᠨ ᠳᠤ ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ᠊ ∙ ᠬᠦᠷᠡᠯᠰᠦ᠋ᠬᠡ ᠶᠢᠨ ᠪᠦᠭᠦᠳᠡ ᠨᠠᠢᠷᠠᠮᠳᠠᠬᠤ ᠴᠧᠾ ᠤᠯᠤᠰ ᠲᠤ ᠬᠢᠭᠰᠡᠨ ᠲᠥᠷᠥ ᠶᠢᠨ ᠠᠢᠯᠴᠢᠯᠠᠯ ᠤᠨ ᠦᠶ᠎ᠡ ᠪᠡᠷ ᠡᠬᠢᠯᠡᠭᠰᠡᠨ ᠶᠤᠮ᠃ ᠠᠢᠯᠴᠢᠯᠠᠯ ᠤᠨ ᠬᠦᠷᠢᠶᠡᠨ ᠳᠦ ᠬᠣᠶᠠᠷ ᠤᠯᠤᠰ ᠤᠨ ᠬᠠᠷᠢᠯᠴᠠᠭ᠎ᠠ ᠶᠢ 《ᠢᠵᠢ ᠪᠦᠷᠢᠨ ᠲᠦᠩᠰᠢᠯᠡᠯ ᠦᠨ ᠲᠦᠪᠰᠢᠨ ᠳᠦ》 ᠬᠦᠷᠭᠡᠵᠦ᠂ ᠬᠠᠮᠲᠤ ᠶᠢᠨ ᠠᠵᠢᠯᠯᠠᠭᠠᠨ ᠤ ᠰᠢᠨ᠎ᠡ ᠪᠣᠯᠤᠮᠵᠢ ᠨᠤᠭᠤᠳ ᠢ ᠨᠡᠭᠡᠭᠡᠭᠰᠡᠨ᠃ ᠮᠥᠨ ᠪᠣᠯᠪᠠᠰᠤᠷᠠᠯ᠂ ᠬᠠᠤᠯᠢ ᠰᠠᠬᠢᠭᠤᠯᠬᠤ ᠠᠵᠢᠯᠯᠠᠭ᠎ᠠ᠂ ᠬᠥᠳᠡᠭᠡ ᠠᠵᠤ ᠠᠬᠤᠢ᠂ ᠪᠠᠢᠭᠠᠯᠢ ᠣᠷᠴᠢᠨ ᠤ ᠴᠢᠭᠯᠡᠯ ᠢᠶᠡᠷ ᠬᠠᠮᠲᠤ ᠶᠢᠨ ᠠᠵᠢᠯᠯᠠᠭᠠᠨ ᠤ ᠪᠠᠷᠢᠮᠲᠠ ᠪᠢᠴᠢᠭ ᠦᠳ ᠲᠦ ᠭᠠᠷ ᠤᠨ ᠦᠰᠦᠭ ᠵᠢᠷᠤᠭᠰᠠᠨ ᠪᠠᠢᠨ᠎ᠠ᠃



