ᠲᠥᠷᠥ ᠶᠢᠨ ᠪᠠᠢᠭᠤᠯᠤᠯᠭ᠎ᠠ ᠨᠤᠭᠤᠳ ᠮᠡᠳᠡᠭᠡᠯᠡᠯ ᠦᠨ ᠠᠯᠪᠠ ᠲᠠᠢ ᠪᠣᠯᠤᠭᠰᠠᠨ ᠨᠢ ᠬᠠᠤᠯᠢ ᠵᠥᠷᠢᠴᠡᠵᠦ ᠪᠠᠢᠨ᠎ᠠ | News.MN

ᠲᠥᠷᠥ ᠶᠢᠨ ᠪᠠᠢᠭᠤᠯᠤᠯᠭ᠎ᠠ ᠨᠤᠭᠤᠳ ᠮᠡᠳᠡᠭᠡᠯᠡᠯ ᠦᠨ ᠠᠯᠪᠠ ᠲᠠᠢ ᠪᠣᠯᠤᠭᠰᠠᠨ ᠨᠢ ᠬᠠᠤᠯᠢ ᠵᠥᠷᠢᠴᠡᠵᠦ ᠪᠠᠢᠨ᠎ᠠ

ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠤᠨ ᠪᠦᠯᠦᠭ ᠦᠨ ᠬᠤᠷᠠᠯ ᠢᠶᠠᠷ ᠬᠡᠪᠯᠡᠯ ᠦᠨ ᠡᠷᠬᠡ ᠴᠢᠯᠦᠭᠡᠨ ᠦ ᠠᠰᠠᠭᠤᠳᠠᠯ ᠢ ᠬᠡᠯᠡᠯᠴᠡᠯ᠎ᠡ᠃

ᠲᠡᠳᠡᠨ ᠦ  ᠦᠵᠡᠬᠦ ᠪᠡᠷ ᠬᠡᠪᠯᠡᠯ ᠦᠨ ᠡᠷᠬᠡ ᠴᠢᠯᠦᠭᠡ ᠨᠢ ᠥᠨᠥᠳᠥᠷ ᠲᠤᠯᠭᠠᠮᠳᠠᠭᠰᠠᠨ ᠠᠰᠠᠭᠤᠳᠠᠯ᠂ ᠮᠠᠷᠭᠤᠭᠠᠨ ᠤ ᠭᠣᠣᠯ ᠰᠢᠯᠲᠠᠭᠠᠨ ᠪᠣᠯᠵᠤ ᠪᠠᠢᠨ᠎ᠠ᠃ ᠢᠯᠠᠩᠭᠤᠶ᠎ᠠ 2018 ᠣᠨ ᠳᠤ ᠪᠠᠲᠤᠯᠠᠭᠳᠠᠨ ᠬᠡᠷᠡᠭᠵᠢᠵᠦ ᠪᠤᠢ《ᠬᠡᠪᠯᠡᠯ ᠦᠨ ᠡᠷᠬᠡ ᠴᠢᠯᠦᠭᠡᠨ ᠦ ᠲᠤᠬᠠᠢ》ᠬᠠᠤᠯᠢ ᠬᠡᠷᠡᠭᠵᠢᠬᠦ ᠦᠭᠡᠢ ᠪᠠᠢᠨ᠎ᠠ᠃ ᠡᠨᠡ ᠬᠠᠤᠯᠢ ᠳᠤ ᠲᠥᠷᠥ ᠶᠢᠨ ᠪᠠᠢᠭᠤᠯᠤᠯᠭ᠎ᠠ ᠥᠪᠡᠷ ᠦᠨ ᠬᠡᠪᠯᠡᠯ ᠮᠡᠳᠡᠭᠡᠯᠡᠯ ᠦᠨ ᠬᠡᠷᠡᠭᠰᠡᠯ ᠲᠡᠢ ᠪᠠᠢᠬᠤ ᠶᠢ ᠬᠣᠷᠢᠭᠯᠠᠨ᠎ᠠ ᠭᠡᠰᠡᠨ ᠵᠢᠭᠠᠯᠲᠠ ᠪᠠᠢᠳᠠᠭ ᠴᠤ ᠬᠡᠷᠡᠭᠵᠢᠬᠦ ᠦᠭᠡᠢ ᠪᠠᠢᠨ᠎ᠠ᠃

ᠲᠥᠷᠥ ᠶᠢᠨ ᠪᠦᠬᠦ ᠪᠠᠢᠭᠤᠯᠤᠯᠭ᠎ᠠ ᠳᠡᠷᠭᠡᠳᠡ ᠪᠡᠨ ᠬᠡᠪᠯᠡᠯ ᠮᠡᠳᠡᠭᠡᠯᠡᠯ ᠦᠨ ᠠᠯᠪᠠ ᠲᠠᠢ ᠪᠣᠯᠤᠭᠰᠠᠨ᠃ ᠡᠨᠡ ᠨᠢ ᠳᠥᠷᠪᠡᠳ᠋ᠡᠬᠢ ᠵᠠᠰᠠᠭᠯᠠᠯ ᠤᠨ ᠵᠠᠬ᠎ᠠ ᠵᠡᠭᠡᠯᠢ ᠶᠢ ᠬᠤᠮᠢᠬᠤ᠂ ᠥᠷᠢᠰᠦᠯᠳᠦᠭᠡᠨ ᠦ ᠴᠢᠳᠠᠪᠬᠢ ᠶᠢ ᠪᠠᠭᠤᠷᠠᠭᠤᠯᠬᠤ᠂ ᠮᠥᠨ ᠵᠠᠰᠠᠭ ᠤᠨ ᠭᠠᠵᠠᠷ ᠪᠣᠯᠤᠨ ᠡᠷᠬᠡ ᠮᠡᠳᠡᠯ ᠪᠦᠬᠦᠢ ᠪᠠᠢᠭᠤᠯᠤᠯᠭ᠎ᠠ ᠨᠤᠭᠤᠳ ᠨᠢᠭᠡ ᠲᠠᠯ᠎ᠠ ᠶᠢ ᠪᠠᠷᠢᠭᠰᠠᠨ ᠮᠡᠳᠡᠭᠡᠯᠡᠯ ᠢᠶᠡᠷ ᠣᠯᠠᠨ ᠨᠡᠢᠲᠡ ᠶᠢ ᠬᠠᠩᠭᠠᠬᠤ ᠨᠥᠬᠥᠴᠡᠯ ᠪᠦᠷᠢᠳᠦᠭᠦᠯᠵᠦ ᠪᠠᠢᠨ᠎ᠠ᠃ ᠲᠡᠢᠮᠦ ᠡᠴᠡ ᠬᠡᠪᠯᠡᠯ ᠦᠨ ᠡᠷᠬᠡ ᠴᠢᠯᠦᠭᠡ ᠶᠢ ᠲᠡᠷᠡ ᠲᠤᠰᠤᠮ ᠢᠶᠠᠨ ᠵᠠᠰᠠᠭ ᠤᠨ ᠭᠠᠵᠠᠷ ᠲᠤ ᠪᠠᠷᠢᠭᠤᠯᠴᠢᠬᠤ ᠦᠭᠡᠢ ᠶᠢᠨ ᠲᠤᠯᠠᠳᠠ ᠬᠡᠪᠯᠡᠯ ᠮᠡᠳᠡᠭᠡᠯᠡᠯ ᠦᠨ  ᠬᠠᠷᠢᠶᠠᠲᠤ ᠪᠤᠰᠤ ᠪᠠᠢᠳᠠᠯ ᠤᠨ ᠲᠠᠯ᠎ᠠ ᠪᠠᠷ ᠠᠷᠠᠳᠴᠢᠯᠠᠭᠰᠠᠨ ᠨᠠᠮ ᠤᠨ ᠪᠦᠯᠦᠭ ᠠᠵᠢᠯ ᠦᠨ ᠬᠡᠰᠡᠭ ᠪᠠᠢᠭᠤᠯᠬᠤ ᠪᠠᠷ ᠲᠣᠭᠲᠠᠯ᠎ᠠ᠃

ᠰᠡᠳᠬᠢᠭᠳᠡᠯ ᠦᠯᠡᠳᠡᠭᠡᠬᠦ