2026 ᠣᠨ ᠳᠤ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠡᠳᠦᠷ ᠪᠤᠶᠤ 《ᠮᠣᠩᠭᠣᠯ ᠪᠠᠬᠠᠷᠬᠠᠯ ᠤᠨ ᠡᠳᠦᠷ》 ᠠᠷᠪᠠᠨ ᠨᠢᠭᠡᠳᠦᠭᠡᠷ ᠰᠠᠷ᠎ᠠ ᠶᠢᠨ 10 ᠤ ᠮᠢᠭᠮᠠᠷ ᠭᠠᠷᠠᠭ ᠲᠤ ᠲᠣᠬᠢᠶᠠᠵᠤ᠂ ᠪᠦᠬᠦ ᠨᠡᠢᠲᠡ ᠪᠡᠷ ᠠᠮᠠᠷᠠᠨ᠎ᠠ᠃
ᠮᠣᠩᠭᠣᠯ ᠤᠯᠤᠰ ᠤᠨ 《ᠨᠡᠢᠲᠡ ᠪᠡᠷ ᠲᠡᠮᠳᠡᠭᠯᠡᠬᠦ ᠪᠠᠶᠠᠷ ᠤᠨ ᠪᠣᠯᠤᠨ ᠲᠡᠮᠳᠡᠭᠯᠡᠯᠲᠦ ᠡᠳᠦᠷ ᠦᠳ ᠦᠨ ᠲᠤᠬᠠᠢ》 ᠬᠠᠤᠯᠢ ᠳᠤ ᠵᠢᠭᠠᠭᠰᠠᠨ ᠤ ᠳᠠᠭᠠᠤ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠪᠢᠯᠢᠭ ᠦᠨ ᠲᠣᠭᠠᠯᠠᠯ ᠤᠨ ᠡᠪᠦᠯ ᠦᠨ ᠲᠡᠷᠢᠭᠦᠨ ᠰᠠᠷ᠎ᠠ ᠶᠢᠨ ᠰᠢᠨ᠎ᠡ ᠶᠢᠨ ᠨᠢᠭᠡᠨ ᠢ ᠪᠦᠬᠦ ᠨᠡᠢᠲᠡ ᠶᠢᠨ ᠠᠮᠠᠷᠠᠯᠲᠠ ᠶᠢᠨ ᠡᠳᠦᠷ ᠪᠣᠯᠭᠠᠨ ᠲᠡᠮᠳᠡᠭᠯᠡᠳᠡᠭ᠃ ᠡᠨᠡ ᠡᠳᠦᠷ ᠨᠢ《ᠮᠣᠩᠭᠣᠯ ᠪᠠᠬᠠᠷᠬᠠᠯ ᠤᠨ ᠡᠳᠦᠷ》 ᠶᠤᠮ᠃
ᠰᠢᠨᠵᠢᠯᠡᠬᠦ ᠤᠬᠠᠭᠠᠨ ᠤ ᠠᠺᠠᠳᠧᠮᠢ ᠠᠴᠠ ᠶᠡᠬᠡ ᠡᠵᠡᠨ ᠴᠢᠩᠭᠢᠰ ᠬᠠᠭᠠᠨ ᠢ ᠪᠢᠯᠢᠭ ᠦᠨ ᠲᠣᠭᠠᠯᠠᠯ ᠤᠨ ᠭᠤᠷᠪᠠᠳᠤᠭᠠᠷ ᠵᠢᠷᠠᠨ ᠤ ᠤᠰᠤᠨ ᠮᠣᠷᠢᠨ ᠵᠢᠯ ᠪᠤᠶᠤ 1162 ᠣᠨ ᠤ ᠡᠪᠦᠯ ᠦᠨ ᠲᠡᠷᠢᠭᠦᠨ ᠰᠠᠷ᠎ᠠ ᠶᠢᠨ ᠰᠢᠨ᠎ᠡ ᠶᠢᠨ ᠨᠢᠭᠡᠨ ᠳᠦ ᠮᠡᠨᠳᠦᠯᠡᠭᠰᠡᠨ ᠭᠡᠵᠦ ᠲᠣᠭᠲᠠᠭᠠᠭᠰᠠᠨ ᠦ ᠳᠠᠭᠠᠤ ᠮᠣᠩᠭᠣᠯ ᠤᠯᠤᠰ 2012 ᠣᠨ ᠠᠴᠠ ᠡᠬᠢᠯᠡᠨ ᠲᠡᠭᠦᠨ ᠦ ᠮᠡᠨᠳᠦᠯᠡᠭᠰᠡᠨ ᠡᠳᠦᠷ ᠢ ᠶᠣᠰᠣᠯᠠᠨ ᠲᠡᠮᠳᠡᠭᠯᠡᠵᠦ ᠢᠷᠡᠵᠡᠢ᠃



