ᠳᠠᠷᠬᠠᠨ-ᠠᠭᠤᠯᠠ ᠠᠢᠮᠠᠭ ᠲᠤ ᠪᠠᠢᠭᠤᠯᠤᠭᠰᠠᠨ ᠮᠣᠩᠭᠣᠯ ᠤᠨ ᠠᠩᠬᠠᠨ ᠤ 10 MW ᠨᠠᠷᠠᠨ ᠤ ᠴᠠᠬᠢᠯᠭᠠᠨ ᠰᠲ᠋ᠠᠨᠼ ᠨᠢ 2017 ᠣᠨ ᠤ ᠨᠢᠭᠡᠳᠦᠭᠡᠷ ᠰᠠᠷ᠎ᠠ ᠶᠢᠨ ᠨᠢᠭᠡᠨ ᠡᠴᠡ ᠪᠠᠢᠩᠭᠤ ᠶᠢᠨ ᠠᠰᠢᠭᠯᠠᠯᠲᠠ ᠳᠤ ᠣᠷᠣᠵᠤ᠂ ᠲᠥᠪ ᠦᠨ ᠡᠷᠴᠢᠮ ᠬᠦᠴᠦᠨ ᠦ ᠰᠢᠰᠲ᠋ᠧᠮ ᠳᠦ ᠴᠠᠬᠢᠯᠭᠠᠨ ᠡᠷᠴᠢᠮ ᠬᠦᠴᠦ ᠨᠡᠢᠯᠡᠭᠦᠯᠦᠭ᠍ᠰᠡᠨ ᠪᠠᠢᠳᠠᠭ᠃
ᠲᠤᠰ ᠰᠲ᠋ᠠᠨᠼ ᠵᠢᠯ ᠳᠦ 16.5–18.0 ᠰᠠᠶ᠎ᠠ kWh ᠴᠠᠬᠢᠯᠭᠠᠨ ᠡᠷᠴᠢᠮ ᠬᠦᠴᠦ ᠦᠢᠯᠡᠳᠪᠦᠷᠢᠯᠡᠬᠦ ᠬᠦᠴᠦᠨ ᠴᠢᠳᠠᠯ ᠲᠠᠢ ᠪᠥᠭᠡᠳ ᠡᠨᠡ ᠣᠨ ᠤ ᠠᠷᠪᠠᠳᠤᠭᠠᠷ ᠰᠠᠷ᠎ᠠ ᠶᠢᠨ ᠪᠠᠢᠳᠠᠯ ᠢᠶᠠᠷ ᠨᠡᠢᠲᠡ 164.0 ᠰᠠᠶ᠎ᠠ kWh ᠴᠠᠬᠢᠯᠭᠠᠨ ᠡᠷᠴᠢᠮ ᠬᠦᠴᠦ ᠦᠢᠯᠡᠳᠪᠦᠷᠢᠯᠡᠵᠦ᠂ ᠡᠭᠦᠨ ᠡᠴᠡ 162.9 ᠰᠠᠶ᠎ᠠ kWh ᠢ ᠡᠷᠴᠢᠮ ᠬᠦᠴᠦᠨ ᠦ ᠰᠢᠰᠲ᠋ᠧᠮ ᠳᠦ ᠨᠡᠢᠯᠡᠭᠦᠯᠵᠡᠢ᠃ ᠮᠥᠨ ᠪᠠᠢᠭᠤᠯᠤᠭᠳᠠᠭᠰᠠᠨ ᠴᠠᠭ ᠠᠴᠠ ᠪᠠᠨ ᠬᠣᠢᠰᠢ ᠥᠨᠥᠳᠥᠷ ᠢ ᠬᠦᠷᠲᠡᠯᠡᠬᠢ ᠶᠢᠰᠦᠨ ᠵᠢᠯ ᠦᠨ ᠬᠤᠭᠤᠴᠠᠭᠠᠨ ᠳᠤ ᠨᠡᠢᠲᠡ 19.5 ᠲᠡᠷᠪᠤᠮ ᠲᠥᠭᠥᠷᠢᠭ ᠦᠨ ᠲᠠᠲᠠᠪᠤᠷᠢ ᠤᠯᠤᠰ ᠤᠨ ᠲᠥᠰᠥᠪ ᠲᠦ ᠲᠥᠪᠯᠡᠷᠡᠭᠦᠯᠦᠭᠰᠡᠨ ᠪᠠᠢᠨ᠎ᠠ᠃



