ᠮᠣᠩᠭᠣᠯ᠂ ᠲᠦᠺ ᠤᠨ ᠬᠠᠮᠲᠤᠷᠠᠭᠰᠠᠨ ᠰᠤᠷᠭᠠᠭᠤᠯᠢ ᠶᠢᠨ ᠵᠠᠬᠢᠷᠤᠯ ᠶᠢᠨ ᠢᠷᠭᠡᠨ ᠸᠠᠶᠢᠰᠧᠯ ᠠᠺᠴᠠᠢ ᠶᠢ ᠥᠩᠭᠡᠷᠡᠭᠰᠡᠨ ᠰᠠᠷ᠎ᠠ ᠶᠢᠨ 27 ᠍ ᠤ ᠡᠳᠦᠷ ᠦᠨ ᠥᠷᠯᠥᠭᠡ ᠦᠯᠦ ᠲᠠᠨᠢᠬᠤ ᠬᠦᠮᠦᠰ ᠬᠤᠯᠠᠭᠠᠶᠢᠯᠠᠭᠰᠠᠨ ᠭᠡᠬᠦ ᠬᠡᠷᠡᠭ ᠢ ᠴᠠᠭᠳᠠᠭ᠎ᠠ ᠶᠢᠨ ᠪᠠᠶᠢᠭᠤᠯᠤᠯᠭ᠎ᠠ ᠰᠢᠯᠭᠠᠵᠤ ᠪᠠᠶᠢᠭ᠎ᠠ ᠪᠢᠯᠡ᠃
ᠡᠷᠡᠭᠦᠦ ᠶᠢᠨ ᠴᠠᠭᠳᠠᠭ᠎ᠠ ᠶᠢᠨ ᠠᠯᠪᠠᠨ ᠤ ᠵᠣᠬᠢᠶᠠᠨ ᠪᠠᠶᠢᠭᠤᠯᠤᠯᠲᠠ ᠲᠠᠢ ᠭᠡᠮᠲᠦ ᠬᠡᠷᠡᠭ ᠲᠡᠢ ᠲᠡᠮᠡᠴᠡᠬᠦ ᠬᠡᠯᠲᠡᠰ ᠡᠴᠡ ᠡᠷᠡᠭᠦᠦ ᠶᠢᠨ ᠬᠠᠤᠯᠢ ᠶᠢᠨ 13.2.1 ᠍ ᠲᠤ ᠵᠢᠭᠠᠭᠰᠠᠨ 《ᠬᠦᠮᠦᠨ ᠢ ᠬᠤᠯᠠᠭᠠᠶᠢᠯᠠᠬᠤ》 ᠵᠦᠢᠯ ᠠᠩᠭᠢ ᠪᠠᠷ ᠬᠡᠷᠡᠭ ᠪᠦᠷᠢᠳᠬᠡᠯ ᠦᠨ ᠬᠡᠷᠡᠭ ᠨᠡᠭᠡᠭᠡᠵᠦ᠂ ᠮᠥᠷᠳᠡᠨ ᠰᠢᠯᠭᠠᠬᠤ ᠠᠵᠢᠯᠯᠠᠭ᠎ᠠ ᠶᠠᠪᠤᠭᠳᠠᠵᠤ ᠪᠠᠶᠢᠨ᠎ᠠ᠃ ᠣᠳᠣ ᠪᠠᠷ ᠬᠤᠯᠠᠭᠠᠶᠢᠯᠠᠬᠤ ᠶᠢ ᠵᠠᠪᠳᠤᠭᠰᠠᠨ ᠡᠲᠡᠭᠡᠳ ᠢ ᠬᠠᠶᠢᠵᠤ ᠪᠠᠶᠢᠭ᠎ᠠ ᠭᠡᠳᠡᠭ ᠢ ᠬᠣᠯᠪᠣᠭᠳᠠᠬᠤ ᠠᠯᠪᠠᠨ᠎ᠠ ᠶᠢᠨ ᠬᠢᠨ ᠮᠡᠳᠡᠭᠡᠯᠡᠭᠰᠡᠨ᠃
ᠤᠭ ᠠᠰᠠᠭᠤᠳᠠᠯ ᠢᠶᠠᠷ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠠᠯᠪᠠᠨ ᠶᠣᠰᠣᠨ ᠤ ᠪᠠᠶᠢᠷᠢ ᠰᠠᠭᠤᠷᠢ ᠪᠠᠨ ᠢᠯᠡᠷᠬᠡᠶᠢᠯᠡᠭᠡ ᠦᠭᠡᠢ ᠥᠨᠥᠳᠥᠷ ᠢ ᠬᠦᠷᠦᠭᠰᠡᠨ᠃ ᠲᠡᠭᠡᠪᠡᠯ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠰᠠᠶᠢᠳ ᠼ ∙ ᠴᠣᠭᠵᠢᠯᠮ᠎ᠠ ᠡᠨᠡ ᠲᠠᠯ᠎ᠠ ᠪᠠᠷ ᠬᠡᠪᠯᠡᠯ ᠳᠦ ᠥᠭᠭᠦᠭᠰᠡᠨ ᠶᠠᠷᠢᠯᠴᠠᠯᠭ᠎ᠠ ᠳᠤ ᠪᠠᠨ 〈ᠮᠣᠩᠭᠣᠯ ᠳᠤ ᠦᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ᠲᠦᠺ ᠰᠤᠷᠭᠠᠭᠤᠯᠢ ᠨᠤᠭᠤᠳ ᠢ ᠮᠣᠩᠭᠣᠯ ᠤᠯᠤᠰ ᠤᠨ ᠵᠠᠰᠠᠭ ᠤᠨ ᠭᠠᠵᠠᠷ ᠲᠤ ᠬᠦᠯᠢᠶᠡᠯᠭᠡᠵᠦ ᠥᠭᠪᠡᠯ ᠰᠤᠷᠭᠠᠯᠲᠠ ᠶᠢ ᠲᠠᠰᠤᠯᠳᠠᠭᠤᠯᠬᠤ ᠦᠭᠡᠢ ᠪᠡᠷ ᠠᠪᠴᠤ ᠶᠠᠪᠤᠬᠤ ᠪᠦᠷᠢᠨ ᠪᠣᠯᠤᠮᠵᠢ ᠲᠠᠢ〉 ᠭᠡᠳᠡᠭ ᠢ ᠣᠨᠴᠠᠯᠠᠵᠠᠢ᠃ ᠲᠣᠳᠣᠷᠠᠭᠤᠯᠪᠠᠯ᠂ ᠲᠦᠺ ᠰᠤᠷᠭᠠᠭᠤᠯᠢ ᠳᠤ ᠰᠤᠷᠤᠯᠴᠠᠵᠤ ᠪᠠᠶᠢᠭ᠎ᠠ ᠮᠣᠩᠭᠣᠯ ᠬᠡᠦᠬᠡᠳ ᠦᠳ ᠦᠨ ᠰᠤᠷᠭᠠᠯᠲᠠ ᠶᠢ ᠲᠠᠰᠤᠯᠳᠠᠭᠤᠯᠬᠤ ᠶᠣᠰᠣ ᠦᠭᠡᠢ᠃ ᠮᠥᠨ ᠪᠤᠰᠤᠳ ᠤᠯᠤᠰ ᠣᠷᠣᠨ ᠨᠤᠭᠤᠳ ᠲᠤ ᠢᠵᠢᠯ ᠲᠥᠰᠲᠡᠢ ᠰᠤᠷᠭᠠᠭᠤᠯᠢ ᠨᠤᠭᠤᠳ ᠢ ᠲᠦᠺ ᠤᠯᠤᠰ ᠲᠤᠬᠠᠢ ᠶᠢᠨ ᠤᠯᠤᠰ ᠤᠨ ᠵᠠᠰᠠᠭ ᠤᠨ ᠭᠠᠵᠠᠷ ᠲᠤ ᠨᠢ ᠬᠦᠯᠢᠶᠡᠯᠭᠡᠵᠦ ᠥᠭᠴᠦ ᠪᠠᠶᠢᠨ᠎ᠠ᠃ ᠲᠡᠶᠢᠮᠦ ᠡᠴᠡ ᠲᠦᠺ ᠤᠯᠤᠰ ᠤᠨ ᠵᠠᠰᠠᠭ ᠤᠨ ᠭᠠᠵᠠᠷ ᠰᠢᠢᠳᠪᠦᠷᠢ ᠪᠡᠨ ᠭᠠᠷᠭᠠᠭᠠᠳ ᠮᠣᠩᠭᠣᠯ ᠳᠤ ᠦᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ᠲᠦᠺ ᠰᠤᠷᠭᠠᠭᠤᠯᠢ ᠨᠤᠭᠤᠳ ᠢ ᠮᠣᠩᠭᠣᠯ ᠤᠯᠤᠰ ᠤᠨ ᠵᠠᠰᠠᠭ ᠤᠨ ᠭᠠᠵᠠᠷ ᠲᠤ ᠬᠦᠯᠢᠶᠡᠯᠭᠡᠵᠦ ᠥᠭᠪᠡᠯ ᠰᠤᠷᠭᠠᠯᠲᠠ ᠶᠢ ᠲᠠᠰᠤᠯᠳᠠᠭᠤᠯᠬᠤ ᠦᠭᠡᠢ ᠪᠡᠷ ᠠᠪᠴᠤ ᠶᠠᠪᠤᠬᠤ ᠪᠥᠷᠢᠨ ᠪᠣᠯᠤᠮᠵᠢ ᠲᠠᠢ᠃ ᠬᠠᠤᠯᠢ ᠶᠢᠨ ᠭᠠᠷᠭᠠᠯᠭ᠎ᠠ ᠶᠢ ᠪᠠᠨ ᠭᠠᠷᠭᠠᠭᠠᠳ ᠪᠢᠳᠡᠨ ᠳᠦ ᠬᠠᠤᠯᠢ ᠶᠢᠨ ᠳᠠᠭᠠᠤ ᠠᠰᠠᠭᠤᠳᠠᠯ ᠢᠶᠠᠨ ᠲᠠᠯᠪᠢᠪᠠᠯ ᠰᠢᠢᠳᠪᠦᠷᠢᠯᠡᠵᠦ ᠥᠭᠬᠦ ᠳᠦ ᠪᠡᠯᠡᠨ ᠪᠠᠶᠢᠨ᠎ᠠ.ᠡᠨᠡ ᠲᠠᠯ᠎ᠠ ᠪᠠᠷ ᠰᠤᠳᠤᠯᠤᠭᠠᠴᠢ ᠡ ᠭᠡᠳᠡᠭ ᠰᠠᠨᠠᠯ ᠢ ᠲᠠᠯᠪᠢᠭᠰᠠᠨ〈 ᠪᠠᠶᠢᠭ᠎ᠠ ᠭᠡᠵᠡᠢ᠃