ᠮᠣᠩᠭᠣᠯ ᠤᠯᠤᠰ ᠤᠨ ᠶᠡᠷᠦᠩᠬᠡᠢ ᠰᠠᠶᠢᠳ ᠤ᠊ ∙ ᠬᠦᠷᠦᠯᠰᠦ᠋ᠬᠡ ᠶᠢᠨ ᠰᠠᠨᠠᠭᠠᠴᠢᠯᠭ᠎ᠠ ᠪᠠᠷ ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠰᠠᠶᠢᠳ ᠤᠨ ᠡᠷᠬᠢᠯᠡᠬᠦ ᠠᠰᠠᠭᠤᠳᠠᠯ ᠤᠨ ᠬᠦᠷᠢᠶᠡᠨ ᠳᠦ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ-ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠬᠥᠭᠵᠢᠯ ᠦᠨ ᠶᠡᠷᠦᠩᠬᠡᠢ ᠭᠠᠵᠠᠷ ᠢ ᠪᠠᠶᠢᠭᠤᠯᠬᠤ ᠵᠠᠰᠠᠭ ᠤᠨ ᠭᠠᠵᠠᠷ ᠤᠨ ᠲᠣᠭᠲᠠᠭᠠᠯ ᠭᠠᠷᠭᠠᠪᠠ᠃ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠬᠥᠭᠵᠢᠯ ᠦᠨ ᠶᠡᠷᠦᠩᠬᠡᠢ ᠭᠠᠵᠠᠷ ᠤᠨ ᠬᠦᠮᠦᠨ ᠦ ᠨᠥᠭᠡᠴᠡ ᠶᠢ 《ᠰᠡᠷᠭᠦᠭᠡᠨ ᠵᠠᠰᠠᠯᠲᠠ᠂ ᠰᠤᠷᠭᠠᠯᠲᠠ ᠦᠢᠯᠡᠳᠪᠦᠷᠢᠯᠡᠯ ᠦᠨ ᠲᠥᠪ》 ᠍ ᠡᠴᠡ 35 ᠠᠵᠢᠯᠲᠠᠨ ᠢ ᠲᠥᠷᠥ ᠶᠢᠨ ᠵᠠᠬᠢᠷᠭᠠᠨ ᠤ ᠠᠯᠪᠠᠨ ᠳᠤ ᠰᠢᠯᠵᠢᠭᠦᠯᠵᠦ᠂ ᠠᠵᠢᠯ ᠤᠨ ᠴᠢᠭ ᠡᠭᠦᠷᠭᠡ ᠶᠢ ᠥᠭᠡᠷᠡᠴᠢᠯᠡᠬᠦ ᠵᠠᠮ ᠢᠶᠠᠷ ᠪᠦᠷᠢᠳᠦᠭᠦᠯᠵᠦ ᠮᠥᠨ ᠲᠥᠰᠥᠪ ᠢ ᠰᠢᠯᠵᠢᠭᠦᠯᠦᠨ ᠵᠣᠬᠢᠴᠠᠭᠤᠯᠤᠨ᠎ᠠ᠃
ᠠᠶᠢᠮᠠᠭ᠂ ᠳᠡᠭᠦᠷᠭᠡ ᠳᠦ ᠲᠤᠰ ᠠᠭᠧᠨᠲᠯᠢᠭ ᠤᠨ ᠴᠢᠭ ᠡᠭᠦᠷᠭᠡ ᠶᠢ ᠠᠶᠢᠮᠠᠭ᠂ ᠳᠡᠭᠦᠷᠭᠡ ᠶᠢᠨ ᠬᠥᠳᠡᠯᠮᠦᠷᠢ ᠬᠠᠯᠠᠮᠵᠢ ᠶᠢᠨ ᠦᠢᠯᠡᠴᠢᠯᠡᠭᠡᠨ ᠦ ᠭᠠᠵᠠᠷ/ᠬᠡᠯᠲᠡᠰ ᠲᠦ ᠠᠵᠢᠯᠯᠠᠵᠤ ᠪᠠᠶᠢᠭ᠎ᠠ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠠᠰᠠᠭᠤᠳᠠᠯ ᠬᠠᠷᠢᠭᠤᠴᠠᠭᠰᠠᠨ ᠮᠡᠷᠭᠡᠵᠢᠯᠲᠡᠨ ᠭᠦᠢᠴᠡᠳᠭᠡᠵᠦ᠂ ᠴᠢᠨᠠᠭᠰᠢᠳᠠ ᠬᠣᠶᠠᠷ ᠣᠷᠣᠨ ᠲᠣᠭ᠎ᠠ ᠨᠡᠮᠡᠵᠦ᠂ ᠤᠯᠤᠰ ᠤᠨ ᠬᠡᠮᠵᠢᠶᠡᠨ ᠳᠦ ᠦᠢᠯᠡ ᠠᠵᠢᠯᠯᠠᠭ᠎ᠠ ᠶᠠᠪᠤᠭᠤᠯᠬᠤ ᠪᠣᠯᠤᠮᠵᠢ ᠶᠢ ᠪᠦᠷᠢᠳᠦᠭᠦᠯᠦᠨ᠎ᠡ᠃
ᠮᠣᠩᠭᠣᠯ ᠤᠯᠤᠰ ᠲᠤ 2017 ᠣᠨ ᠤ ᠪᠠᠶᠢᠳᠠᠯ ᠢᠶᠠᠷ ᠨᠡᠶᠢᠲᠡ ᠬᠦᠮᠦᠨ ᠠᠮᠠ ᠶᠢᠨ 3᠂3 ᠬᠤᠪᠢ ᠨᠢ ᠪᠤᠶᠤ 103᠂630 ᠬᠥᠭᠵᠢᠯ ᠦᠨ ᠪᠡᠷᠬᠡᠰᠢᠶᠡᠯᠲᠡᠢ ᠢᠷᠭᠡᠨ ᠪᠠᠶᠢᠨ᠎ᠠ᠃ 15-59 ᠨᠠᠰᠤᠨ ᠤ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ 28 ᠬᠤᠪᠢ ᠨᠢ ᠬᠥᠳᠡᠯᠮᠦᠷᠢ ᠡᠷᠬᠢᠯᠡᠵᠦ ᠪᠠᠶᠢᠨ᠎ᠠ᠃ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠬᠥᠭᠵᠢᠯ ᠦᠨ ᠶᠡᠷᠦᠩᠬᠡᠢ ᠭᠠᠵᠠᠷ ᠨᠢ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠡᠷᠬᠡ ᠶᠢᠨ ᠲᠤᠬᠠᠢ ᠺᠣᠨᠸᠧᠨᠼᠢ᠂ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠡᠷᠬᠡ ᠶᠢᠨ ᠲᠤᠬᠠᠢ ᠬᠠᠤᠯᠢ ᠪᠣᠯᠤᠨ ᠬᠣᠯᠪᠣᠭᠳᠠᠬᠤ ᠬᠠᠤᠯᠢ᠂ ᠲᠣᠭᠲᠠᠭᠠᠮᠵᠢ ᠶᠢᠨ ᠬᠡᠷᠡᠭᠵᠢᠯᠲᠡ ᠶᠢ ᠬᠠᠩᠭᠠᠭᠤᠯᠬᠤ᠂ ᠰᠠᠯᠪᠤᠷᠢ ᠳᠤᠮᠳᠠ ᠶᠢᠨ ᠵᠣᠬᠢᠴᠠᠭᠤᠯᠤᠯᠲᠠ ᠶᠢ ᠬᠠᠩᠭᠠᠬᠤ᠂ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠬᠥᠭᠵᠢᠯ᠂ ᠨᠡᠶᠢᠭᠡᠮ ᠤᠨ ᠠᠮᠢᠳᠤᠷᠠᠯ ᠳᠤ ᠤᠷᠤᠯᠴᠠᠬᠤ ᠣᠷᠣᠯᠴᠠᠭ᠎ᠠ ᠶᠢ ᠳᠡᠮᠵᠢᠬᠦ᠂ ᠬᠠᠮᠲᠤ ᠣᠯᠣᠩ ᠳᠤ ᠲᠦᠰᠢᠭᠯᠡᠨ ᠬᠠᠮᠤᠷᠤᠭᠤᠯᠤᠨ ᠬᠥᠭᠵᠢᠭᠦᠯᠬᠦ ᠳᠦ ᠴᠢᠭᠯᠡᠭᠰᠡᠨ ᠦᠢᠯᠡᠴᠢᠯᠡᠭᠡ ᠶᠢ ᠬᠥᠭᠵᠢᠭᠦᠯᠬᠦ ᠬᠥᠭᠵᠢᠯ ᠦᠨ ᠪᠡᠷᠬᠡᠰᠢᠶᠡᠯ ᠦᠨ ᠲᠠᠯᠠᠭᠠᠷᠬᠢ ᠣᠯᠠᠨ ᠨᠡᠶᠢᠲᠡ ᠶᠢᠨ ᠣᠶᠢᠯᠠᠭᠠᠯᠲᠠ᠂ ᠬᠠᠨᠳᠤᠯᠭ᠎ᠠ ᠶᠢ ᠥᠭᠡᠷᠡᠴᠢᠯᠡᠬᠦ ᠵᠡᠷᠭᠡ ᠴᠢᠭᠯᠡᠯ ᠢᠶᠡᠷ ᠦᠢᠯᠡ ᠠᠵᠢᠯᠯᠠᠭ᠎ᠠ ᠶᠢ ᠶᠠᠪᠤᠭᠤᠯᠤᠨ᠎ᠠ᠃