ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠧᠮᠪᠯᠧᠢ ᠶᠢᠨ 73 ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠤᠷᠤᠯᠴᠠᠬᠤ ᠦᠶ᠎ᠡ ᠪᠡᠷ ᠪᠤᠶᠤ ᠶᠢᠰᠦᠳᠦᠭᠡᠷ ᠰᠠᠷ᠎ᠠ ᠶᠢᠨ 26 ᠍ ᠤ ᠡᠳᠦᠷ ᠨᠢᠦ᠋ ᠶᠤᠷᠺ ᠤᠨ ᠬᠥᠷᠥᠩᠭᠡ ᠶᠢᠨ ᠪᠢᠷᠵᠢ ᠳᠦ ᠵᠣᠴᠢᠯᠠᠪᠠ᠃
ᠡᠨᠡ ᠦᠶ᠎ᠡ ᠪᠡᠷ ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠤᠯᠤᠰ ᠣᠷᠣᠨ ᠤ ᠪᠠᠨ ᠡᠳ᠋ ᠍ ᠦᠨ ᠵᠠᠰᠠᠭ ᠤᠨ ᠪᠠᠶᠢᠳᠠᠯ᠂ ᠵᠠᠰᠠᠭ ᠤᠨ ᠭᠠᠵᠠᠷ ᠤᠨ ᠪᠣᠳᠣᠯᠭ᠎ᠠ᠂ ᠦᠢᠯᠡ ᠠᠵᠢᠯᠯᠠᠭᠠᠨ ᠤ ᠲᠠᠯ᠎ᠠ ᠪᠠᠷ ᠲᠠᠨᠢᠯᠴᠠᠭᠤᠯᠵᠤ᠂ ᠨᠢᠦ᠋ ᠶᠤᠷᠺ ᠤᠨ ᠬᠥᠷᠥᠩᠭᠡ ᠶᠢᠨ ᠪᠢᠷᠵᠢ ᠲᠡᠢ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠬᠦᠰᠡᠯ ᠲᠡᠢ ᠪᠠᠶᠢᠭ᠎ᠠ ᠪᠠᠨ ᠢᠯᠡᠷᠬᠡᠶᠢᠯᠡᠪᠡ᠃
ᠬᠥᠷᠥᠩᠭᠡ ᠶᠢᠨ ᠪᠢᠷᠵᠢ ᠶᠢᠨ ᠦᠢᠯᠡ ᠠᠵᠢᠯᠯᠠᠭ᠎ᠠ ᠡᠷᠬᠢᠯᠡᠭᠰᠡᠨ ᠵᠠᠬᠢᠷᠤᠯ ᠵᠤᠨ ᠲᠠᠲᠲ᠋ᠠᠯ ᠥᠩᠭᠡᠷᠡᠭᠰᠡᠨ 10 ᠭᠠᠷᠤᠢ ᠵᠢᠯ ᠦᠨ ᠬᠤᠭᠤᠴᠠᠭᠠᠨ ᠳᠤ ᠮᠣᠩᠭᠣᠯ ᠤᠯᠤᠰ ᠲᠠᠢ ᠢᠳᠡᠪᠬᠢᠲᠡᠢ ᠬᠠᠮᠲᠤᠷᠠᠨ ᠠᠵᠢᠯᠯᠠᠵᠤ ᠢᠷᠡᠭᠰᠡᠨ ᠢᠶᠡᠨ ᠲᠡᠮᠳᠡᠭᠯᠡᠭᠡᠳ᠂ ᠮᠣᠩᠭᠣᠯ ᠤᠯᠤᠰ ᠤᠨ ᠡᠳ᠋ ᠍ ᠦᠨ ᠵᠠᠰᠠᠭ ᠤᠨ ᠨᠥᠬᠥᠴᠡᠯ ᠪᠠᠶᠢᠳᠠᠯ ᠰᠠᠶᠢᠵᠢᠷᠠᠵᠤ ᠪᠤᠢ ᠡᠨᠡ ᠦᠶ᠎ᠡ ᠳᠦ ᠬᠠᠮᠲᠤ ᠶᠢᠨ ᠠᠵᠢᠯᠯᠠᠭ᠎ᠠ ᠤᠯᠠᠮ ᠪᠦᠷ ᠥᠷᠭᠡᠵᠢᠨ᠎ᠡ ᠭᠡᠳᠡᠭ ᠲᠦ ᠢᠲᠡᠭᠡᠯ ᠲᠡᠢ ᠪᠠᠶᠢᠨ᠎ᠠ ᠭᠡᠪᠡ᠃
ᠬᠥᠷᠥᠩᠭᠡ ᠶᠢᠨ ᠪᠢᠷᠵᠢ ᠳᠦ ᠵᠣᠴᠢᠯᠠᠬᠤ ᠦᠶ᠎ᠡ ᠪᠡᠷ ᠢᠶᠡᠨ ᠤ᠊∙ᠬᠦᠷᠡᠯᠰᠦ᠋ᠬᠡ ᠠᠮᠧᠷᠢᠺᠠ ᠶᠢᠨ ᠬᠥᠳᠡᠭᠡ ᠠᠵᠤ ᠠᠬᠤᠢ ᠶᠢᠨ ᠰᠠᠶᠢᠳ ᠰᠣᠨᠨᠢ ᠫᠸᠷᠳᠤ᠋ ᠲᠠᠢ ᠠᠭᠤᠯᠵᠠᠪᠠ᠃ ᠠᠭᠤᠯᠵᠠᠯᠲᠠ ᠶᠢᠨ ᠦᠶ᠎ᠡ ᠪᠡᠷ᠂ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭ᠎ᠠ ᠶᠢ ᠬᠥᠳᠡᠭᠡ ᠠᠵᠤ ᠠᠬᠤᠢ ᠶᠢᠨ ᠰᠠᠯᠪᠤᠷᠢ ᠳᠤ ᠬᠥᠭᠵᠢᠭᠦᠯᠬᠦ ᠥᠷᠭᠡᠨ ᠪᠣᠯᠤᠮᠵᠢ ᠪᠤᠢ ᠶᠢ ᠶᠡᠷᠦᠩᠬᠡᠢ ᠰᠠᠶᠢᠳ ᠣᠨᠴᠠᠯᠠᠭᠰᠠᠨ ᠪᠥᠭᠡᠳ ᠰᠠᠶᠢᠳ ᠰᠣᠨᠨᠢ ᠫᠸᠷᠳᠤ᠋ ᠠᠮᠧᠷᠢᠺᠠ ᠪᠦᠬᠦᠢ ᠯᠠ ᠲᠠᠯ᠎ᠠ ᠪᠠᠷ ᠳᠡᠮᠵᠢᠯᠭᠡ ᠦᠵᠡᠭᠦᠯᠬᠦ ᠳᠦ ᠪᠡᠯᠡᠨ ᠪᠤᠢ ᠶᠢ ᠨᠣᠲᠠᠯᠠᠪᠠ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃
ᠡᠬᠢ ᠰᠤᠷᠪᠤᠯᠵᠢ ᠄ ikon.mn