ᠬᠦᠨᠳᠦ ᠶᠢᠨ ᠡᠷᠭᠦᠯᠲᠡ ᠶᠢᠨ ᠰᠢᠯᠢᠳᠡᠭ ᠲᠠᠮᠢᠷᠴᠢᠳ ᠤᠨ ᠨᠢᠭᠡ ᠪᠣᠯᠬᠤ ᠮᠥᠩᠬᠡᠵᠢᠩᠴᠠᠩ ᠤᠨ ᠠᠩᠬᠠᠴᠡᠴᠡᠭ ᠬᠦᠦ ᠲᠡᠢ ᠪᠣᠯᠵᠠᠢ᠃ ᠲᠡᠷᠡ ᠪᠡᠷ ᠡᠨᠡ ᠳᠣᠯᠣᠭ᠎ᠠ ᠬᠣᠨᠣᠭ ᠲᠤ ︽ᠭᠤᠷᠪᠠᠨ ᠭᠠᠯ》 ᠡᠮᠨᠡᠯᠭᠡ ᠳᠦ ᠠᠮᠤᠷᠵᠢᠭᠰᠠᠨ ᠪᠠᠶᠢᠨ᠎ᠠ᠃ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠬᠦᠷᠡᠯ ᠮᠸᠳᠠᠯᠲᠤ ᠂ ︽ᠷᠢᠤ᠋ 2016︾ ᠣᠯᠢᠮᠫ ᠤᠨ ᠨᠠᠭᠠᠳᠤᠮ ᠤᠨ ᠱᠠᠩᠨᠠᠯᠲᠤ ᠳᠤᠯᠤᠳᠤᠭᠠᠷ ᠪᠠᠶᠢᠷᠢ ᠮ∙ᠠᠩᠬᠠᠴᠡᠴᠡᠭ ᠬᠦᠨᠳᠦ ᠶᠢᠨ ᠡᠷᠭᠦᠯᠲᠡ ᠶᠢᠨ ᠰᠫᠣᠷᠲ ᠤᠨ ᠲᠡᠦᠬᠡᠨ ᠳᠦ ᠬᠣᠪᠣᠷ ᠠᠮᠵᠢᠯᠲᠠ ᠶᠢᠨ ᠡᠵᠡᠨ ᠪᠢᠯᠡ᠃ 2014 ᠣᠨ ᠳᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠨᠠᠨᠵᠢᠩ ᠳᠤ ᠪᠣᠯᠤᠭᠰᠠᠨ ᠵᠠᠯᠠᠭᠤᠴᠤᠳ ᠤᠨ ᠣᠯᠢᠮᠫ ᠤᠨ ᠨᠠᠭᠠᠳᠤᠮ ᠳᠤ 4 ᠍ ᠳᠦᠭᠡᠷ ᠪᠠᠶᠢᠷᠢ ᠡᠵᠡᠯᠡᠭᠰᠡᠨ ᠲᠡᠷᠡ ᠪᠡᠷ ᠠᠽᠢᠶ᠎ᠠ ᠶᠢᠨ ᠵᠠᠯᠠᠭᠤᠴᠤᠳ᠂ ᠵᠠᠯᠠᠭᠤᠴᠤᠳ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ᠂ ᠣᠶᠤᠲᠠᠨ ᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ᠂ ᠳᠡᠯᠡᠬᠡᠢ ᠶᠢᠨ ᠴᠣᠮᠣ ᠭᠡᠳ ᠪᠦᠬᠦᠢ ᠯᠠ ᠲᠡᠮᠡᠴᠡᠭᠡᠨ ᠡᠴᠡ ᠮᠧᠳᠠᠯ ᠲᠠᠢ ᠢᠷᠡᠵᠦ ᠪᠠᠶᠢᠭᠰᠠᠨ ᠶᠤᠮ᠃