ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠲᠥᠪ ᠠᠶᠢᠮᠠᠭ ᠳᠠᠬᠢ ︽ᠮᠣᠭᠣᠯ ᠨᠣᠣᠰᠣ ︾ ᠺᠣᠮᠫᠠᠨᠢ ᠶᠢᠨ ᠤᠬᠢᠶᠠᠬᠤ᠂ ᠰᠠᠮᠨᠠᠬᠤ᠂ ᠡᠭᠡᠷᠡᠮᠡᠯ ᠤᠲᠠᠰᠤᠨ ᠤ ᠪᠣᠯᠤᠨ ᠣᠶᠣᠳᠠᠯ ᠤᠨ ᠦᠢᠯᠡᠳᠪᠦᠷᠢ ᠶᠢᠨ ᠦᠢᠯᠡ ᠠᠵᠢᠯᠯᠠᠭ᠎ᠠ ᠲᠠᠢ ᠲᠠᠨᠢᠯᠴᠠᠵᠠᠢ᠃ ᠲᠡᠭᠦᠨ ᠢ ᠳᠠᠭᠠᠯᠳᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ᠂ ᠠᠬᠠᠯᠠᠬᠤ ᠵᠥᠪᠯᠡᠬᠦ ᠨ∙ᠠᠯᠲᠠᠨᠬᠤᠶᠠᠭ᠂ ᠮᠣᠩᠭᠣᠯ ᠤᠯᠤᠰ ᠤᠨ ᠰᠠᠶᠢᠳ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠭ∙ᠽᠠᠨᠳᠠᠨᠰᠢᠲᠠᠷ᠎ᠠ ᠨᠠᠷ ᠲᠤᠰ ᠦᠢᠯᠡᠳᠪᠦᠷᠢ ᠶᠢᠨ ᠦᠢᠯᠡ ᠠᠵᠢᠯᠯᠠᠭ᠎ᠠ ᠲᠠᠢ ᠲᠠᠨᠢᠯᠴᠠᠵᠠᠢ᠃
《ᠮᠣᠭᠣᠯ ᠨᠣᠣᠰᠣ 》 ᠺᠤᠮᠫᠠᠨᠢ ᠨᠢ 1995 ᠣᠨ ᠠᠴᠠ ᠦᠢᠯᠡ ᠠᠵᠢᠯᠯᠠᠭ᠎ᠠ ᠪᠠᠨ ᠡᠬᠢᠯᠡᠭᠦᠯᠵᠦ ᠂ ᠥᠩᠭᠡᠷᠡᠭᠰᠡᠨ ᠬᠤᠭᠤᠴᠠᠭᠠᠨ ᠳᠤ ᠨᠣᠣᠰᠣ᠂ᠤᠬᠢᠶᠠᠬᠤ᠂ ᠰᠠᠮᠨᠠᠬᠤ᠂ ᠡᠭᠡᠷᠡᠮᠡᠯ ᠤᠲᠠᠰᠤᠨ ᠤ ᠦᠢᠯᠡᠳᠪᠦᠷᠢ ᠲᠡᠢ ᠪᠣᠯᠵᠤ᠂ 2017 ᠣᠨ ᠳᠤ ᠡᠴᠦᠰ ᠦᠨ ᠪᠦᠲᠦᠭᠡᠭᠳᠡᠬᠦᠨ ᠦᠢᠯᠡᠳᠪᠦᠷᠢᠯᠡᠬᠦ ᠣᠶᠣᠳᠠᠯ ᠤᠨ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠤᠭᠰᠠᠨ ᠠᠵᠠᠢ ᠃ ᠲᠤᠰ ᠦᠢᠯᠡᠳᠪᠦᠷᠢ ᠰᠡᠭᠦᠯ ᠦᠨ ᠦᠶ᠎ᠡ ᠶᠢᠨ 110 ᠨᠡᠷ᠎ᠡ ᠲᠥᠷᠥᠯ ᠦᠨ ᠲᠣᠨᠣᠭ ᠲᠥᠬᠥᠭᠡᠷᠦᠮᠵᠢ ᠲᠡᠢ ᠪᠣᠯᠵᠤ᠂ ᠵᠢᠯ ᠳᠦ 30-50 ᠮᠢᠩᠭᠠᠨ ᠰᠢᠷᠬᠡᠭ ᠵᠥᠭᠡᠯᠡᠨ ᠣᠶᠣᠮᠠᠯ ᠦᠢᠯᠡᠳᠪᠦᠷᠢᠯᠡᠬᠦ ᠬᠦᠴᠦᠨ ᠴᠢᠳᠠᠯ ᠲᠠᠢ ᠪᠣᠯᠵᠠᠢ᠃ ᠮᠥᠨ 300-350 ᠬᠦᠮᠦᠨ ᠢ ᠠᠵᠢᠯ ᠤᠨ ᠪᠠᠶᠢᠷᠢ ᠪᠠᠷ ᠬᠠᠩᠭᠠᠵᠤ᠂ ᠨᠠᠷᠢᠨ ᠨᠣᠣᠰᠣᠨ ᠤᠲᠠᠰᠤ ᠪᠠᠷ ︽ᠮᠣᠭᠣᠯ︾ ᠪᠷᠠᠨᠳ᠋᠍ ᠦᠨ ᠨᠣᠣᠰᠣᠨ ᠫᠠᠯᠢᠲ᠋ᠣ᠋ ᠦᠢᠯᠡᠳᠪᠦᠷᠢᠯᠡᠵᠦ ᠪᠠᠶᠢᠨ᠎ᠠ᠃
ᠦᠨᠳᠦᠰᠦᠨ ᠦ ᠦᠢᠯᠡᠳᠪᠦᠷᠢᠯᠡᠯ ᠢᠶᠡᠨ ᠳᠡᠮᠵᠢᠨ ᠲᠤᠰ ᠦᠢᠯᠡᠳᠪᠦᠷᠢ ᠡᠴᠡ ᠡᠬᠡᠨᠡᠷ ᠲᠡᠢ ᠪᠡᠨ ᠬᠠᠮᠲᠤ ᠨᠣᠣᠰᠣᠨ ᠫᠠᠯᠢᠲ᠋ᠣ᠋᠂ ᠣᠷᠢᠶᠠᠯᠲᠠ ᠠᠪᠤᠭᠰᠠᠨ ᠢᠶᠠᠨ ᠡᠺᠰ ᠶᠡᠷᠦᠩᠬᠡᠢ ᠰᠠᠶᠢᠳ ᠨ∙ᠠᠯᠲᠠᠨᠬᠤᠶᠠᠭ ᠨᠢᠭᠤᠷ ᠨᠣᠮ ᠳᠤ ᠪᠠᠨ ᠪᠢᠴᠢᠵᠡᠢ᠃
ᠪ∙ᠪᠠᠲᠤ