ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠨᠠᠮᠤᠷ ᠤᠨ ᠦᠷ᠎ᠡ ᠲᠠᠷᠢᠶᠠᠨ ᠤ ᠤᠷᠭᠤᠴᠠ ᠬᠤᠷᠢᠶᠠᠯᠲᠠ ᠶᠢᠨ ᠶᠠᠪᠤᠴᠠ ᠲᠠᠢ ᠲᠠᠨᠢᠯᠴᠠᠵᠤ᠂ ᠲᠠᠷᠢᠶᠠᠯᠠᠩᠴᠢᠳ ᠲᠤ ᠲᠤᠯᠭᠠᠮᠳᠠᠭᠰᠠᠨ ᠠᠰᠠᠭᠤᠳᠠᠯ ᠢ ᠰᠢᠢᠳᠪᠦᠷᠢᠯᠡᠬᠦ ᠪᠡᠷ ᠥᠨᠥᠳᠥᠷ ᠣᠷᠣᠨ ᠨᠤᠲᠤᠭ ᠢ ᠵᠣᠷᠢᠯ᠎ᠠ᠃ ᠲᠡᠷᠡ ᠪᠡᠷ ᠲᠥᠪ᠂ ᠳᠠᠷᠬᠠᠨ-ᠠᠭᠤᠯᠠ᠂ ᠰᠡᠯᠡᠩᠭᠡ ᠠᠶᠢᠮᠠᠭ ᠲᠤ ᠬᠣᠶᠠᠷ ᠡᠳᠦᠷ ᠠᠵᠢᠯᠯᠠᠨ᠎ᠠ ᠃ ᠲᠤᠬᠠᠶᠢᠯᠠᠪᠠᠯ ᠥᠨᠥᠳᠥᠷ ᠲᠥᠪ ᠠᠶᠢᠮᠠᠭ ᠳᠠᠬᠢ ︽ᠥᠭᠭᠦᠭᠡᠴᠢ ᠰᠦᠮᠪᠦᠷ︾ ᠺᠣᠮᠫᠠᠨᠢ ᠶᠢᠨ ᠦᠷ᠎ᠡ ᠲᠠᠷᠢᠶᠠᠨ ᠤ ᠤᠷᠭᠤᠴᠠ ᠬᠤᠷᠢᠶᠠᠯᠲᠠ ᠶᠢᠨ ᠲᠠᠯᠠᠪᠠᠢ ᠳᠤ ᠠᠵᠢᠯᠯᠠᠵᠤ᠂ ᠨᠣᠭᠣᠭᠠᠴᠢᠳ ᠲᠠᠢ ᠠᠭᠤᠯᠵᠠᠯᠲᠠ ᠬᠢᠬᠦ ᠪᠥᠭᠡᠳ ᠰᠡᠯᠡᠩᠭᠡ ᠠᠶᠢᠮᠠᠭ ᠤᠨ ︽ᠲᠦᠮᠡᠨ ᠪᠤᠲᠠ︾ ᠺᠣᠮᠫᠠᠨᠢ᠂ ᠳᠠᠷᠬᠠᠨ-ᠠᠭᠤᠯᠠ ᠠᠶᠢᠮᠠᠭ ᠤᠨ ︽ᠥᠭᠯᠢᠭᠡᠴᠢ ᠶᠢᠨ ᠬᠡᠷᠡᠮ︾ ᠺᠣᠮᠫᠠᠨᠢ᠂ ︽ᠤᠯᠠᠭᠠᠨᠪᠠᠭᠠᠲᠤᠷ ᠭᠤᠯᠢᠷ︾ ᠺᠣᠮᠫᠠᠨᠢ᠂ ᠢᠷᠦᠭᠡ᠂ ᠬᠥᠳᠡᠷ ᠰᠤᠮᠤᠨ ᠳᠤ ᠠᠵᠢᠯᠯᠠᠵᠤ᠂ ᠤᠷᠭᠤᠴᠠ ᠬᠤᠷᠢᠶᠠᠯᠲᠠ᠂ ᠬᠠᠳᠤᠯᠠᠩ ᠤᠨ ᠠᠵᠢᠯ ᠲᠠᠢ ᠲᠠᠨᠢᠯᠴᠠᠬᠤ ᠪᠠᠷ ᠲᠥᠯᠥᠪᠯᠡᠭᠡᠳ ᠪᠠᠶᠢᠨ᠎ᠠ᠃
iTheme 2018-10-09 103.50.206.32
hmm sonin yum