ᠠᠷᠤᠬᠠᠩᠭᠠᠢ ᠠᠶᠢᠮᠠᠭ ᠤᠨ ᠡᠷᠳᠡᠨᠢᠪᠤᠯᠠᠭᠠᠨ ᠰᠤᠮᠤᠨ ᠳᠤ ᠦᠢᠯᠡ ᠠᠵᠢᠯᠯᠠᠭ᠎ᠠ ᠪᠠᠨ ᠶᠠᠪᠤᠭᠤᠯᠵᠤ ᠪᠠᠶᠢᠭ᠎ᠠ ᠱᠠᠰᠢᠨ᠂ ᠰᠦᠮ᠎ᠡ ᠬᠡᠶᠢᠳ ᠦᠨ ᠪᠠᠶᠢᠭᠤᠯᠤᠯᠭ᠎ᠠ ᠨᠤᠭᠤᠳ ᠲᠤ ᠬᠢᠨᠠᠯᠲᠠ ᠲᠠᠯᠪᠢᠬᠤ᠂ ᠵᠥᠪᠯᠡᠨ ᠲᠤᠰᠠᠯᠠᠬᠤ ᠦᠢᠯᠡ ᠠᠵᠢᠯᠯᠠᠭ᠎ᠠ ᠶᠢ ᠰᠤᠮᠤ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠶᠢᠨ 09 ᠲᠣᠭᠠᠲᠤ ᠵᠠᠬᠢᠷᠤᠮᠵᠢ ᠪᠠᠷ ᠠᠶᠢᠮᠠᠭ ᠤᠨ ᠰᠢᠭᠦᠬᠦ ᠶᠢᠨ ᠲᠠᠮᠠᠭ᠎ᠠ ᠶᠢᠨ ᠭᠠᠵᠠᠷ᠂ ᠴᠠᠭᠳᠠᠭ᠎ᠠ ᠶᠢᠨ ᠭᠠᠵᠠᠷ᠂ ᠰᠤᠮᠤ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠵᠡᠷᠭᠡ ᠪᠠᠶᠢᠭᠤᠯᠤᠯᠭ᠎ᠠ ᠨᠤᠭᠤᠳ ᠬᠠᠮᠲᠤᠷᠠᠨ ᠵᠣᠬᠢᠶᠠᠨ ᠪᠠᠶᠢᠭᠤᠯᠵᠠᠢ᠃
ᠠᠵᠢᠯ ᠤᠨ ᠬᠡᠰᠡᠭ ᠡᠷᠳᠡᠨᠢᠪᠤᠯᠠᠭᠠᠨ ᠰᠤᠮᠤᠨ ᠳᠤ ᠦᠢᠯᠡ ᠠᠵᠢᠯᠯᠠᠭ᠎ᠠ ᠪᠠᠨ ᠶᠠᠪᠤᠭᠤᠯᠵᠤ ᠪᠠᠶᠢᠭ᠎ᠠ ᠪᠤᠳ᠋ᠳ᠋ᠾᠠ ᠶᠢᠨ ᠬᠣᠶᠠᠷ᠂ ᠾᠷᠢᠰᠲ᠋ᠤᠰ ᠤᠨ ᠵᠢᠷᠭᠤᠭᠠᠨ ᠭᠠᠵᠠᠷ ᠤᠨ ᠦᠢᠯᠡ ᠠᠵᠢᠯᠯᠠᠭ᠎ᠠ᠂ ᠤᠯᠤᠰ ᠤᠨ ᠪᠦᠷᠢᠳᠬᠡᠯ ᠳᠦ ᠪᠦᠷᠢᠳᠬᠡᠭᠳᠡᠭᠰᠡᠨ ᠡᠰᠡᠬᠦ᠂ ᠰᠦᠮ᠎ᠡ ᠪᠡᠷ ᠦᠢᠯᠡᠴᠢᠯᠡᠭᠦᠯᠦᠭᠴᠢᠳ ᠦᠨ ᠲᠣᠭ᠎ᠠ᠂ ᠰᠤᠳᠤᠯᠭ᠎ᠠ ᠮᠡᠳᠡᠭᠡᠯᠡᠯ᠂ ᠬᠠᠨᠳᠢᠪ ᠡᠷᠭᠦᠯ ᠦᠨ ᠪᠦᠷᠢᠳᠬᠡᠯ᠂ ᠵᠠᠷᠤᠴᠠᠭᠤᠯᠤᠯᠲᠠ᠂ ᠠᠵᠢᠯᠯᠠᠭᠰᠠᠳ᠂ ᠢᠲᠡᠭᠡᠭᠴᠢᠳ᠂ ᠤᠳᠤᠷᠢᠳᠤᠯᠭ᠎ᠠ ᠵᠣᠬᠢᠶᠠᠨ ᠪᠠᠶᠢᠭᠤᠯᠤᠯᠲᠠ᠂ ᠲᠣᠬᠢᠵᠢᠯᠲᠠ᠂ ᠡᠷᠡᠭᠦᠯ ᠠᠶᠤᠯᠭᠦᠢ ᠣᠷᠴᠢᠨ᠂ ᠨᠡᠶᠢᠭᠡᠮ ᠤᠨ ᠬᠠᠷᠢᠭᠤᠴᠠᠯᠭ᠎ᠠ᠂ ᠬᠠᠤᠯᠢ ᠪᠠᠷ ᠬᠣᠷᠢᠭᠯᠠᠭᠰᠠᠨ ᠦᠢᠯᠡ ᠠᠵᠢᠯᠯᠠᠭ᠎ᠠ ᠶᠠᠪᠤᠭᠤᠯᠳᠠᠭ ᠡᠰᠡᠬᠦ᠂ ᠺᠠᠮᠧᠷᠵᠢᠭᠤᠯᠤᠯᠲᠠ ᠵᠡᠷᠭᠡ 12 ᠴᠢᠭᠯᠡᠯ ᠢᠶᠡᠷ ᠬᠢᠨᠠᠯᠲᠠ ᠬᠢᠪᠡ᠃ ᠬᠢᠨᠠᠯᠲᠠ ᠰᠢᠯᠭᠠᠯᠲᠠ ᠪᠠᠷ ᠵᠠᠷᠢᠮ ᠪᠠᠶᠢᠭᠤᠯᠤᠯᠭ᠎ᠠ ᠶᠢᠨ ᠰᠠᠩᠬᠦᠦᠵᠢᠯᠲᠡ ᠨᠢ ᠲᠣᠳᠣᠷᠬᠠᠢ ᠪᠤᠰᠤ᠂ ᠲᠥᠯᠥᠪᠯᠡᠯᠲᠡ ᠦᠭᠡᠢ ᠂ ᠱᠠᠰᠢᠨ ᠤ ᠵᠠᠷᠢᠮ ᠤᠷᠤᠰᠬᠠᠯ ᠨᠢ ᠳᠣᠲᠣᠷ᠎ᠠ ᠪᠠᠨ ᠦᠵᠡᠯ ᠪᠠᠷᠢᠮᠲᠠᠯᠠᠯ ᠤᠨ ᠵᠥᠷᠢᠴᠡᠯ ᠲᠡᠢ᠂ ᠢᠲᠡᠭᠡᠭᠴᠢᠳ ᠦᠨ ᠰᠤᠳᠤᠯᠭ᠎ᠠ᠂ ᠮᠡᠳᠡᠭᠡᠯᠡᠯ᠂ ᠡᠷᠭᠦᠯ ᠦᠨ ᠪᠦᠷᠢᠳᠬᠡᠯ ᠪᠠᠶᠢᠬᠤ ᠦᠭᠡᠢ᠂ ᠡᠳ᠋ ᠬᠥᠷᠥᠩᠭᠡ ᠶᠢᠨ ᠪᠦᠷᠢᠳᠬᠡᠯ ᠦᠭᠡᠢ᠂ ᠨᠡᠶᠢᠭᠡᠮ ᠤᠨ ᠦᠢᠯᠡ ᠠᠵᠢᠯᠯᠠᠭ᠎ᠠ ᠶᠠᠪᠤᠭᠤᠯᠬᠤ ᠲᠣᠳᠣᠷᠬᠠᠢ ᠲᠣᠭᠲᠠᠭᠰᠠᠨ ᠠᠵᠢᠯ ᠪᠠᠶᠢᠬᠤ ᠦᠭᠡᠢ᠂ ᠠᠵᠢᠯᠯᠠᠭᠰᠠᠳ ᠤᠨ ᠣᠷᠴᠢᠨ ᠨᠥᠬᠥᠴᠡᠯ᠂ ᠬᠥᠳᠡᠯᠮᠦᠷᠢ ᠬᠠᠮᠠᠭᠠᠯᠠᠯ᠂ ᠠᠶᠤᠯᠭᠦᠢ ᠠᠵᠢᠯᠯᠠᠭ᠎ᠠ ᠬᠡᠪ ᠦᠨ ᠵᠡᠷᠭᠡ ᠵᠥᠷᠢᠴᠡᠯ ᠢᠯᠡᠷᠡᠵᠡᠢ᠃
ᠡᠷᠳᠡᠨᠢᠪᠤᠯᠠᠭᠠᠨ ᠰᠤᠮᠤ ᠶᠢᠨ 21000 ᠬᠦᠮᠦᠨ ᠠᠮᠠ ᠶᠢᠨ 2.68 ᠬᠤᠪᠢ ᠾᠷᠢᠰᠲ᠋ᠤᠰ ᠤᠨ ᠰᠦᠮ᠎ᠡ ᠶᠢᠨ ᠴᠤᠭᠯᠠᠭᠠᠨ ᠳᠤ ᠬᠠᠮᠤᠷᠤᠭᠳᠠᠳᠠᠭ ᠭᠡᠬᠦ ᠰᠤᠳᠤᠯᠭ᠎ᠠ ᠭᠠᠷᠴᠠᠢ᠃
ᠪ∙ᠭᠡᠷᠡᠯᠲᠦ-ᠣᠳᠣ