ᠭᠠᠳᠠᠭᠠᠳᠤ ᠬᠠᠷᠢᠯᠴᠠᠭᠠᠨ ᠍ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳ∙ᠳᠠᠸᠠᠰᠦ᠋ᠷᠦᠩ 10 ᠳ᠋ᠤᠭᠠᠷ ᠰᠠᠷ᠎ᠠ ᠶᠢᠨ 9 ᠍ ᠳᠦ ᠠᠮᠧᠷᠢᠺᠠ ᠶᠢᠨ ᠲᠥᠷᠥ ᠶᠢᠨ ᠳ᠋ᠸᠫᠠᠷᠲ᠋ᠠᠮᠸᠨᠲ ᠤᠨ ᠵᠡᠭᠦᠨ ᠠᠽᠢᠶ᠎ᠠ᠂ ᠨᠣᠮᠣᠬᠠᠨ ᠳᠠᠯᠠᠢ ᠶᠢᠨ ᠠᠰᠠᠭᠤᠳᠠᠯ ᠡᠷᠬᠢᠯᠡᠭᠰᠡᠨ ᠲᠤᠰᠠᠯᠠᠬᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠶᠢᠨ ᠡᠭᠦᠷᠭᠡ ᠭᠦᠢᠴᠡᠳᠬᠡᠭᠴᠢ ᠫ∙ᠮᠧᠷᠹᠢ ᠶᠢ ᠭᠠᠳᠠᠭᠠᠳᠤ ᠬᠠᠷᠢᠯᠴᠠᠭᠠᠨ ᠤ ᠶᠠᠮᠤᠨ ᠳᠦ ᠬᠦᠯᠢᠶᠡᠨ ᠠᠪᠴᠤ ᠠᠭᠤᠯᠵᠠᠵᠤ᠂ ᠰᠠᠨᠠᠯ ᠰᠤᠯᠢᠯᠴᠠᠪᠠ᠃
ᠠᠭᠤᠯᠵᠠᠯᠲᠠ ᠶᠢᠨ ᠦᠶ᠎ᠡ ᠪᠡᠷ ᠬᠣᠶᠠᠷ ᠲᠠᠯ᠎ᠠ ᠶᠡᠷᠦᠩᠬᠡᠢ ᠰᠠᠶᠢᠳ ᠤᠨ ᠠᠶᠢᠯᠴᠢᠯᠠᠯ ᠤᠨ ᠮᠥᠷ ᠢᠶᠡᠷ ᠬᠡᠷᠡᠭᠵᠢᠭᠦᠯᠬᠦ ᠠᠷᠭ᠎ᠠ ᠬᠡᠮᠵᠢᠶ᠎ᠡ᠂ 2018 ᠣᠨ ᠤ ᠰᠡᠭᠦᠯ᠂ 2019 ᠣᠨ ᠤ ᠡᠬᠢ ᠪᠡᠷ ᠵᠣᠬᠢᠶᠠᠨ ᠪᠠᠶᠢᠭᠤᠯᠬᠤ ᠪᠠᠷ ᠲᠥᠯᠥᠪᠯᠡᠭᠰᠡᠨ ᠤᠯᠤᠰ ᠲᠥᠷᠥ᠂ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠪᠠᠲᠤᠯᠠᠨ ᠬᠠᠮᠠᠭᠠᠯᠠᠬᠤ ᠪᠣᠯᠤᠨ ᠡᠷᠴᠢᠮ ᠬᠦᠴᠦᠨ ᠦ ᠵᠥᠪᠯᠡᠯᠳᠦᠬᠦ ᠠᠭᠤᠯᠵᠠᠯᠲᠠ ᠨᠤᠭᠤᠳ ᠤᠨ ᠪᠡᠯᠡᠳᠬᠡᠯ ᠦᠨ ᠲᠠᠯ᠎ᠠ ᠪᠠᠷ ᠶᠠᠷᠢᠯᠴᠠᠪᠠ᠃ ᠮᠣᠩᠭᠣᠯ ᠤᠯᠤᠰ ᠥᠩᠭᠡᠷᠡᠭᠰᠡᠨ 7 ᠳ᠋ᠤᠭᠠᠷ ᠰᠠᠷ᠎ᠠ ᠳᠤ ᠸᠠᠰᠢᠩᠲ᠋ᠣᠨ ᠬᠤᠲᠠᠨ᠎ᠠ ᠪᠣᠯᠤᠭᠰᠠᠨ ᠱᠠᠰᠢᠨ ᠤ ᠡᠷᠬᠡ ᠴᠢᠯᠦᠭᠡᠨ ᠦ ᠠᠰᠠᠭᠤᠳᠠᠯ ᠤᠨ ᠰᠠᠶᠢᠳ ᠨᠠᠷ ᠤᠨ ᠪᠠᠭ᠎ᠠ ᠬᠤᠷᠠᠯ ᠳᠤ ᠣᠷᠣᠯᠴᠠᠵᠤ᠂ ᠲᠡᠭᠦᠨ ᠦ ᠮᠥᠷ ᠢᠶᠡᠷ ᠪᠣᠳᠠᠲᠠᠢ ᠠᠵᠢᠯ ᠤᠳ ᠢ ᠰᠠᠨᠠᠭᠠᠴᠢᠯᠠᠨ ᠬᠡᠷᠡᠭᠵᠢᠭᠦᠯᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠫ∙ᠮᠧᠷᠹᠢ ᠢᠯᠡᠷᠬᠡᠶᠢᠯᠡᠪᠡ᠃ ᠲᠡᠷᠡ ᠪᠡᠷ ᠮᠤᠩᠭᠤᠯ ᠤᠨ ᠲᠠᠯ᠎ᠠ ᠱᠠᠰᠢᠨ ᠤ ᠡᠷᠬᠡ ᠴᠢᠯᠦᠭᠡᠨ ᠦ ᠠᠰᠠᠭᠤᠳᠠᠯ ᠡᠷᠬᠢᠯᠡᠭᠰᠡᠨ ᠲᠤᠰᠬᠠᠢ ᠡᠭᠦᠷᠭᠡ ᠭᠦᠢᠴᠡᠳᠬᠡᠭᠴᠢ ᠡᠯᠴᠢᠨ ᠰᠠᠶᠢᠳ ᠢ ᠲᠣᠮᠢᠯᠠᠵᠤ᠂ ᠤᠯᠠᠮ ᠢᠶᠠᠷ 2019 ᠣᠨ ᠳᠤ ᠠᠽᠢᠶ᠎ᠠ ᠶᠢᠨ ᠪᠤᠳ᠋ᠳ᠋ᠾᠠᠶᠢᠰᠲ ᠤᠳ ᠤᠨ ᠡᠩᠬᠡ ᠲᠠᠶᠢᠪᠤᠩ ᠤᠨ ᠲᠥᠯᠥᠭᠡ ᠪᠠᠭ᠎ᠠ ᠬᠤᠷᠠᠯ ᠢ ᠡᠬᠡ ᠣᠷᠣᠨ ᠳᠤ ᠪᠠᠨ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠳᠤ ᠪᠠᠶᠠᠷ ᠬᠦᠷᠭᠡᠵᠦ᠂ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠪᠡ᠃
ᠬᠣᠶᠠᠷ ᠲᠠᠯ᠎ᠠ ᠶᠢᠨ ᠬᠠᠷᠢᠯᠴᠠᠭᠠᠨ ᠳᠤ ᠢᠷᠭᠡᠳ ᠬᠣᠭᠣᠷᠣᠨᠳᠣ ᠶᠢᠨ ᠬᠡᠯᠬᠢᠶ᠎ᠡ ᠬᠣᠯᠪᠣᠭ᠎ᠠ ᠴᠢᠬᠤᠯᠠ ᠡᠭᠦᠷᠭᠡ ᠭᠦᠢᠴᠡᠳᠭᠡᠵᠦ ᠪᠠᠶᠢᠭ᠎ᠠ ᠶᠢ ᠬᠣᠶᠠᠷ ᠲᠠᠯ᠎ᠠ ᠲᠡᠮᠳᠡᠭᠯᠡᠵᠦ᠂ 2019 ᠣᠨ ᠢ ᠮᠣᠩᠭᠣᠯ ᠠᠮᠧᠷᠢᠺᠠ ᠶᠢᠨ ᠵᠠᠯᠠᠭᠤᠴᠤᠳ ᠤᠨ ᠵᠢᠯ ᠪᠣᠯᠭᠠᠨ ᠵᠠᠷᠯᠠᠬᠤ᠂ ᠡᠨᠡ ᠬᠦᠷᠢᠶᠡᠨ ᠳᠦ ᠬᠣᠶᠠᠷ ᠣᠷᠣᠨ ᠤ ᠵᠠᠯᠠᠭᠤᠴᠤᠳ ᠤᠨ ᠹᠠᠶᠢᠰᠪᠦ᠋ᠦᠺ ᠹᠣᠷᠣᠮ ᠢ ᠬᠠᠮᠲᠤᠷᠠᠨ ᠵᠣᠬᠢᠶᠠᠨ ᠪᠠᠶᠢᠭᠤᠯᠬᠤ ᠠᠰᠠᠭᠤᠳᠠᠯ ᠢᠶᠠᠷ ᠶᠠᠷᠢᠯᠴᠠᠪᠠ᠃