ᠪᠠᠶᠠᠨ-ᠥᠯᠥᠭᠡᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠡᠭᠡᠯᠵᠢᠲᠦ ᠵᠢᠷᠭᠤᠳᠤᠭᠠᠷ ᠬᠤᠷᠠᠯᠳᠤᠭᠠᠨ ᠥᠨᠥᠳᠥᠷ ᠪᠣᠯᠵᠤ ᠪᠠᠶᠢᠭ᠎ᠠ ᠶᠤᠮ᠃ ᠬᠤᠷᠠᠯᠳᠤᠭᠠᠨ ᠢᠶᠠᠷ ᠥᠩᠭᠡᠷᠡᠭᠴᠢ ᠵᠢᠷᠭᠤᠳᠤᠭᠠᠷ ᠰᠠᠷ᠎ᠠ ᠶᠢᠨ 24 ᠍ ᠦ ᠡᠳᠦᠷ ᠠᠯᠲᠠᠨᠴᠦ᠋ᠭᠦᠴᠡ ᠰᠤᠮᠤ ᠳᠤ ᠪᠣᠯᠤᠭᠰᠠᠨ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠨᠥᠬᠥᠨ ᠰᠣᠩᠭᠣᠭᠤᠯᠢ ᠳᠤ ᠮᠤᠩᠭᠤᠯ ᠠᠷᠠᠳ ᠤᠨ ᠍ ᠨᠠᠮ ᠠᠴᠠ ᠨᠡᠷ᠎ᠡ ᠳᠡᠪᠰᠢᠨ ᠣᠯᠠᠩᠬᠢ ᠶᠢᠨ ᠰᠠᠨᠠᠯ ᠢᠶᠠᠷ ᠢᠯᠠᠯᠲᠠ ᠪᠠᠶᠢᠭᠤᠯᠤᠭᠰᠠᠨ ᠪ∙ᠭᠦᠯᠨᠠᠷ ᠤᠨ ᠪᠦᠷᠢᠨ ᠡᠷᠬᠡ ᠶᠢ ᠬᠦᠯᠢᠶᠡᠨ ᠵᠦᠪᠰᠢᠶᠡᠷᠡᠪᠡ᠃
ᠲᠡᠭᠦᠨ ᠳᠦ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠳ∙ᠪᠠᠤᠷᠵᠠᠨ᠂ ᠵᠠᠰᠠᠭ ᠳᠠᠷᠤᠭ᠎ᠠ ᠠ᠊∙ ᠭᠢᠯᠢᠮᠾᠠᠨ ᠨᠠᠷ ᠲᠥᠯᠥᠭᠡᠯᠡᠭᠴᠢ ᠶᠢᠨ ᠦᠨᠡᠮᠯᠡᠬᠦ᠂ ᠡᠩᠭᠡᠷ ᠦᠨ ᠲᠡᠮᠳᠡᠭ ᠭᠠᠷᠳᠠᠭᠤᠯᠵᠤ ᠪᠠᠶᠠᠷ ᠬᠦᠷᠭᠡᠯ᠎ᠡ ᠃ ᠪᠠᠶᠠᠨ-ᠥᠯᠥᠭᠡᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠨᠢ 39ᠲᠥᠯᠥᠭᠡᠯᠡᠭᠴᠢ ᠲᠡᠢ᠂ ᠡᠭᠦᠨ ᠳᠦ ᠮᠤᠩᠭᠤᠯ ᠠᠷᠠᠳ ᠤᠨ ᠨᠠᠮ ᠤᠨ 23᠂ ᠠᠷᠠᠳᠴᠢᠯᠠᠭᠰᠠᠨ ᠨᠠᠮ ᠤᠨ16 ᠲᠦᠯᠦᠭᠡᠯᠡᠭᠴᠢ ᠠᠵᠢᠯᠯᠠᠵᠤ ᠪᠠᠶᠢᠨ᠎ᠠ᠃