《ᠪᠦᠬᠦ ᠨᠡᠶᠢᠲᠡ ᠪᠡᠷ ᠮᠣᠳᠣ ᠲᠠᠷᠢᠬᠤ ᠦᠨᠳᠦᠰᠦᠨ ᠦ ᠡᠳᠦᠷ 》 ᠡᠨᠡ ᠠᠮᠠᠷᠠᠯᠲᠠ ᠶᠢᠨ ᠡᠳᠦᠷ ᠦᠳ ᠲᠦ ᠲᠣᠬᠢᠶᠠᠵᠤ ᠪᠠᠶᠢᠨ᠎ᠠ᠃ ᠨᠡᠶᠢᠰᠯᠡᠯ ᠬᠣᠲᠠ 2018 ᠣᠨ ᠢ 《ᠢᠷᠭᠡᠳ ᠦᠨ ᠣᠷᠣᠯᠴᠠᠭ᠎ᠠ ᠲᠠᠢ ᠠᠮᠢᠳᠤᠷᠠᠬᠤ ᠣᠷᠴᠢᠨ ᠢ ᠰᠠᠶᠢᠵᠢᠷᠠᠭᠤᠯᠬᠤ ᠵᠢᠯ》 ᠪᠣᠯᠭᠠᠨ ᠵᠠᠷᠯᠠᠭᠰᠠᠨ ᠲᠠᠢ ᠬᠣᠯᠪᠣᠭᠳᠠᠭᠤᠯᠤᠨ ᠂ ᠨᠡᠶᠢᠲᠡ ᠶᠢᠨ ᠡᠵᠡᠮᠰᠢᠯ ᠦᠨ ᠲᠠᠯᠠᠪᠠᠢ᠂ ᠠᠮᠢᠳᠤᠷᠠᠳᠠᠭ ᠤᠷᠴᠢᠨ ᠳᠤ ᠪᠠᠨ ᠮᠣᠳᠣ ᠪᠤᠲᠠ ᠲᠠᠷᠢᠵᠤ᠂ ᠲᠠᠷᠢᠭᠰᠠᠨ ᠨᠣᠭᠣᠭᠠᠨ ᠪᠠᠶᠢᠭᠤᠯᠤᠮᠵᠢ ᠪᠠᠨ ᠠᠷᠠᠴᠢᠯᠠᠬᠤ᠂ ᠤᠰᠤᠯᠠᠭ᠎ᠠ ᠬᠢᠬᠦ ᠵᠡᠷᠭᠡ ᠪᠡᠷ ᠣᠷᠴᠢᠨ ᠤ ᠪᠤᠬᠢᠷᠳᠤᠯ ᠢ ᠪᠠᠭᠤᠷᠠᠭᠤᠯᠬᠤ ᠳᠤ ᠬᠤᠪᠢ ᠨᠡᠮᠡᠷᠢ ᠪᠡᠨ ᠣᠷᠣᠭᠤᠯᠬᠤ ᠶᠢ ᠢᠷᠭᠡᠨ᠂ ᠠᠵᠤ ᠠᠬᠤᠢ ᠶᠢᠨ ᠨᠢᠭᠡᠴᠢ ᠪᠠᠶᠢᠭᠤᠯᠤᠯᠭ᠎ᠠ ᠨᠤᠭᠤᠳ ᠲᠤ ᠤᠷᠢᠶᠠᠯᠠᠵᠤ ᠪᠠᠶᠢᠨ᠎ᠠ᠃
ᠨᠠᠮᠤᠷ ᠤᠨ ᠮᠣᠳᠣ ᠲᠠᠷᠢᠬᠤ ᠡᠳᠦᠷ ᠢ ᠤᠭᠲᠤᠵᠤ ︽ᠲᠠᠷᠢᠴᠠ᠂ ᠰᠠᠭᠤᠯᠭᠠᠴᠠ-2018》 ᠦᠵᠡᠰᠬᠦᠯᠡᠩ ᠬᠤᠳᠠᠯᠳᠤᠭ᠎ᠠ ᠶᠢ ᠪᠠᠶᠢᠭᠠᠯᠢ ᠣᠷᠴᠢᠨ ᠠᠶᠠᠯᠠᠯ ᠵᠢᠭᠤᠯᠴᠢᠯᠠᠯ ᠤᠨ ᠶᠠᠮᠤᠨ ᠂ ᠣᠢ ᠶᠢᠨ ᠰᠤᠳᠤᠯᠭ᠎ᠠ ᠬᠥᠭᠵᠢᠯ ᠦᠨ ᠲᠥᠪ᠂ ᠨᠡᠶᠢᠰᠯᠡᠯ ᠦᠨ ᠪᠠᠶᠢᠭᠠᠯᠢ ᠣᠷᠴᠢᠨ ᠤ ᠭᠠᠵᠠᠷ ᠬᠠᠮᠲᠤᠷᠠᠨ ᠦᠢᠯᠡᠳᠪᠦᠷᠢᠴᠢᠨ ᠦ ᠰᠤᠶᠤᠯ ᠤᠨ ᠲᠥᠪ ᠣᠷᠳᠣᠨ ᠳᠤ 10 ᠳ᠋ᠤᠭᠠᠷ ᠰᠠᠷ᠎ᠠ ᠶᠢᠨ 10᠂ 11᠂ 12 ᠍ ᠤ ᠡᠳᠦᠷ ᠦᠳ ᠲᠦ ᠵᠣᠬᠢᠶᠠᠨ ᠪᠠᠶᠢᠭᠤᠯᠤᠭᠰᠠᠨ ᠪᠠ ᠳᠡᠭᠦᠷᠭᠡ ᠪᠦᠷᠢ ᠳᠦ ᠮᠥᠨ ᠲᠠᠷᠢᠴᠠ ᠰᠠᠭᠤᠯᠭᠠᠴᠠ ᠶᠢᠨ ᠬᠤᠳᠠᠯᠳᠤᠭ᠎ᠠ ᠶᠠᠪᠤᠭᠳᠠᠭᠰᠠᠨ ᠶᠤᠮ ᠃ ᠮᠥᠨ ᠦᠨᠳᠦᠰᠦᠨ ᠦ ᠴᠡᠴᠡᠷᠯᠢᠭᠲᠦ ᠬᠦᠷᠢᠶᠡᠯᠡᠩ ᠳᠦ ᠡᠮᠦᠨ᠎ᠡ ᠨᠢ ᠮᠣᠳᠣ ᠲᠠᠷᠢᠭᠰᠠᠨ ᠢᠷᠭᠡᠳ᠂ ᠪᠠᠶᠢᠭᠤᠯᠤᠯᠭ᠎ᠠ ᠨᠤᠭᠤᠳ 10 ᠳ᠋ᠤᠭᠠᠷ ᠰᠠᠷ᠎ᠠ ᠶᠢᠨ 13 ᠍ ᠤ ᠡᠳᠦᠷ ᠦᠨ ᠪᠢᠮᠪᠠ ᠭᠠᠷᠠᠭ ᠲᠤ 11᠄00 ᠴᠠᠭ ᠠᠴᠠ ᠬᠦᠷᠵᠡ᠂ ᠬᠤᠪᠢᠩ ᠲᠠᠢ ᠣᠴᠢᠵᠤ ᠲᠠᠷᠢᠭᠰᠠᠨ ᠮᠣᠳᠣᠳ ᠢᠶᠠᠨ ᠠᠷᠠᠴᠢᠯᠠᠬᠤ ᠪᠣᠯᠤᠮᠵᠢ ᠲᠠᠢ ᠶᠤᠮ ᠃ ᠡᠨᠡ ᠵᠢᠯ ᠡᠴᠡ ᠡᠬᠢᠯᠡᠨ ᠨᠡᠶᠢᠰᠯᠡᠯ ᠦᠨ 9 ᠳᠡᠭᠦᠷᠭᠡ ᠳᠦ ᠬᠤᠷᠤᠬᠠᠢ ᠳᠤ ᠢᠳᠡᠭᠳᠡᠭᠰᠡᠨ᠂ ᠲᠦᠢᠮᠡᠷ ᠲᠦ ᠥᠷᠲᠦᠭᠰᠡᠨ᠂ ᠮᠣᠳᠣ ᠲᠠᠷᠢᠬᠤ ᠪᠣᠯᠤᠮᠵᠢ ᠲᠠᠢ ᠭᠠᠵᠠᠷ ᠤᠨ ᠪᠠᠶᠢᠷᠢᠰᠢᠯ ᠢ ᠤᠷᠢᠳᠴᠢᠯᠠᠨ ᠲᠥᠯᠥᠪᠯᠡᠵᠦ ᠂ᠥᠪᠡᠷᠰᠡᠳ ᠦᠨ ᠬᠥᠷᠥᠩᠭᠡ ᠪᠡᠷ ᠳᠡᠭᠡᠷᠡᠬᠢ ᠭᠠᠵᠠᠷ ᠤᠳ ᠲᠤ ᠮᠣᠳᠣ ᠲᠠᠷᠢᠬᠤ ᠬᠦᠰᠡᠯ ᠲᠡᠢ ᠢᠷᠭᠡᠨ᠂ ᠠᠵᠤ ᠠᠬᠤᠢ ᠶᠢᠨ ᠨᠢᠭᠡᠴᠢ ᠪᠠᠶᠢᠭᠤᠯᠤᠯᠭ᠎ᠠ ᠨᠤᠭᠤᠳ ᠲᠠᠢ ᠭᠡᠷ᠎ᠡ ᠪᠠᠶᠢᠭᠤᠯᠬᠤ ᠵᠠᠮ ᠢᠶᠠᠷ ᠲᠠᠷᠢᠮᠠᠯ ᠣᠢ ᠶᠢ ᠤᠯᠤᠰ ᠤᠨ ᠰᠠᠩ ᠳᠤ ᠬᠦᠯᠢᠶᠡᠨ ᠠᠪᠬᠤ ᠰᠢᠨ᠎ᠡ ᠮᠧᠨᠧᠵᠮᠧᠨᠲ ᠢ ᠨᠡᠪᠲᠡᠷᠡᠭᠦᠯᠵᠦ ᠡᠬᠢᠯᠡᠭᠡᠳ ᠪᠠᠶᠢᠨ᠎ᠠ ᠃