ᠤᠯᠤᠰ ᠤᠨ ᠶᠡᠬᠡ ᠬᠤᠷᠠᠯ ᠭᠡᠰᠢᠭᠦᠨ ᠯ∙ᠮᠥᠩᠬᠡᠪᠠᠭᠠᠲᠤᠷ ᠬᠥᠪᠰᠥᠭᠥᠯ ᠠᠶᠢᠮᠠᠭ ᠲᠤ ᠠᠵᠢᠯᠯᠠᠵᠤ ᠪᠠᠶᠢᠨ᠎ᠠ᠃ ᠲᠡᠭᠦᠨ ᠦ ᠰᠠᠨᠠᠭᠠᠴᠢᠯᠠᠭ᠎ᠠ ᠪᠠᠷ ᠢᠷᠭᠡᠳ ᠦᠨ ᠪᠡᠶ᠎ᠡ ᠶᠢᠨ ᠲᠠᠮᠢᠷ ᠰᠫᠣᠷᠲ ᠢᠶᠠᠷ ᠬᠢᠴᠢᠶᠡᠯᠯᠡᠬᠦ ᠬᠦᠰᠡᠯ ᠰᠣᠨᠢᠷᠬᠠᠯ ᠢ ᠨᠡᠮᠡᠭᠳᠡᠭᠦᠯᠬᠦ᠂ ᠬᠥᠳᠡᠯᠭᠡᠭᠡᠨ ᠦ ᠳᠤᠲᠠᠭᠳᠠᠯ ᠠᠴᠠ ᠰᠡᠷᠭᠡᠶᠢᠯᠡᠵᠦ᠂ ᠢᠳᠡᠪᠬᠢᠲᠡᠢ ᠠᠮᠢᠳᠤᠷᠠᠯ ᠤᠨ ᠬᠡᠮᠨᠡᠯ ᠢ ᠳᠠᠳᠤᠯ ᠪᠣᠯᠭᠠᠬᠤ ᠵᠣᠷᠢᠯᠭ᠎ᠠ ᠪᠠᠷ ᠢᠳᠡᠪᠬᠢᠲᠡᠢ ᠬᠥᠳᠡᠯᠭᠡᠭᠡᠨ ᠡᠷᠡᠭᠦᠯ ᠮᠡᠨᠳᠦ ᠤᠷᠢᠶᠠᠨ ᠳᠣᠣᠷ᠎ᠠ ︽ᠬᠥᠪᠰᠥᠭᠥᠯ ᠮᠠᠷᠠᠹᠣᠨ-2018》 ᠲᠡᠮᠡᠴᠡᠭᠡᠨ ᠢ ᠬᠤᠶᠠᠳᠠᠬᠢ ᠵᠢᠯ ᠳᠦ ᠪᠡᠨ ᠠᠮᠵᠢᠯᠲᠠ ᠲᠠᠢ ᠵᠣᠬᠢᠶᠠᠨ ᠪᠠᠶᠢᠭᠤᠯᠤᠯ᠎ᠠ᠃ ᠲᠡᠮᠡᠴᠡᠭᠡᠨ ᠳᠦ ᠠᠮᠧᠷᠢᠺᠠ ᠶᠢᠨ ᠢᠷᠭᠡᠨ Sean᠂ Jacob ᠨᠠᠷ ᠣᠷᠣᠯᠴᠠᠭᠰᠠᠨ ᠪᠥᠭᠡᠳ ᠬᠠᠮᠤᠭ ᠤᠨ ᠠᠬᠠᠮᠠᠳ ᠲᠠᠮᠢᠷᠴᠢᠨ 78 ᠨᠠᠰᠤᠲᠠᠢ ᠮ∙ᠪᠤᠶᠠᠨᠲᠠᠣᠭᠲᠤᠬᠤ ᠭᠤᠸᠠᠢ ᠬᠤᠶᠠᠳᠠᠬᠢ ᠵᠢᠯ ᠳᠦ ᠪᠡᠨ ᠲᠡᠮᠡᠴᠡᠭᠡᠨ ᠳᠦ ᠣᠷᠣᠯᠴᠠᠵᠤ ᠬᠡᠦᠬᠡᠳ ᠵᠠᠯᠠᠭᠤᠴᠤᠳ ᠲᠤ ᠬᠥᠳᠡᠯᠭᠡᠭᠡᠨ ᠦ ᠠᠴᠢ ᠲᠤᠰᠠ ᠶᠢ ᠲᠠᠨᠢᠭᠤᠯᠤᠨ ᠰᠤᠷᠲᠠᠯᠴᠢᠯᠠᠵᠤ ᠪᠠᠶᠢᠯ᠎ᠠ᠃ ᠲᠤᠰ ᠠᠷᠭ᠎ᠠ ᠬᠡᠮᠵᠢᠶ᠎ᠡ 16-25᠂ 26-45᠂ 46 ᠍ ᠠᠴᠠ ᠳᠡᠭᠡᠭᠰᠢ ᠨᠠᠰᠤᠨ ᠤ ᠠᠩᠭᠢᠯᠠᠯ ᠳᠤ ᠪᠣᠯᠵᠤ ᠂ ᠡᠬᠢᠨ ᠦ ᠲᠠᠪᠤᠨ ᠪᠠᠶᠢᠷᠢ ᠶᠢ ᠰᠢᠯᠭᠠᠷᠠᠭᠤᠯᠵᠤ ᠱᠠᠩᠨᠠᠵᠤ ᠤᠷᠮᠠᠰᠢᠭᠤᠯᠪᠠ᠃