ᠠᠽᠢᠶ᠎ᠠ ᠶᠢᠨ ᠬᠥᠭᠵᠢᠯ ᠦᠨ ᠪᠠᠩᠬᠢ ᠲᠠᠢ ᠬᠠᠮᠲᠤᠷᠠᠨ ᠲᠥᠰᠥᠯ ᠬᠡᠷᠡᠭᠵᠢᠭᠦᠯᠦᠨ᠎ᠡ
ᠮᠣᠩᠭᠣᠯ ᠤᠯᠤᠰ ᠤᠨ ᠵᠠᠰᠠᠭ ᠤᠨ ᠭᠠᠵᠠᠷ᠂ ᠠᠽᠢᠶ᠎ᠠ ᠶᠢᠨ ᠬᠥᠭᠵᠢᠯ ᠦᠨ ᠪᠠᠩᠬᠢ ᠲᠠᠢ ᠬᠠᠮᠲᠤᠷᠠᠨ ︽ᠲᠥᠰᠥᠪ ᠦᠨ ᠰᠠᠩᠬᠦᠦ ᠶᠢᠨ ᠤᠳᠤᠷᠢᠳᠤᠯᠭ᠎ᠠ ᠶᠢᠨ ᠢᠯᠡ ᠲᠣᠳᠣ ᠪᠠᠶᠢᠳᠠᠯ᠂ ᠦᠷ᠎ᠡ ᠠᠰᠢᠭᠲᠠᠢ ᠪᠠᠶᠢᠳᠠᠯ ︾ ᠂ ︽ ᠰᠡᠷᠭᠦᠭᠡᠭᠳᠡᠬᠦ ᠡᠷᠴᠢᠮ ᠬᠦᠴᠦ ᠶᠢ ᠨᠡᠮᠡᠭᠳᠡᠭᠦᠯᠬᠦ ᠲᠥᠰᠥᠯ︾ ᠦᠨ ᠵᠢᠭᠡᠯᠡ ᠶᠢᠨ ᠬᠡᠯᠡᠯᠴᠡᠭᠡᠷ ᠦᠳ ᠲᠦ ᠭᠠᠷ ᠤᠨ ᠦᠰᠦᠭ ᠵᠢᠷᠤᠬᠤ ᠡᠷᠬᠡ ᠶᠢ ᠰᠠᠩ ᠤᠨ ᠰᠠᠶᠢᠳ ᠲᠤ ᠣᠯᠭᠤᠪᠠ᠃ ︽ᠲᠥᠰᠥᠪ ᠦᠨ ᠰᠠᠩᠬᠦᠦ ᠶᠢᠨ ᠤᠳᠤᠷᠢᠳᠤᠯᠭ᠎ᠠ ᠶᠢᠨ ᠢᠯᠡ ᠲᠣᠳᠣ ᠪᠠᠶᠢᠳᠠᠯ᠂ ᠦᠷ᠎ᠡ ᠠᠰᠢᠭᠲᠠᠢ ᠪᠠᠶᠢᠳᠠᠯ︾ ᠲᠥᠰᠥᠯ ᠦᠨ ᠬᠦᠷᠢᠶᠡᠨ ᠳᠦ ᠲᠠᠲᠠᠪᠤᠷᠢ ᠶᠢᠨ ᠠᠯᠪᠠᠨ ᠤ ᠮᠡᠳᠡᠭᠡᠯᠡᠯ ᠦᠨ ᠲᠧᠭᠨᠣᠯᠣᠭᠢ ᠶᠢᠨ ᠳᠡᠳ᠋ ᠪᠦᠲᠦᠴᠡ ᠶᠢ ᠪᠡᠬᠢᠵᠢᠭᠦᠯᠵᠦ᠂ ᠲᠥᠰᠥᠪ ᠦᠨ ᠬᠥᠷᠥᠩᠭᠡ ᠣᠷᠣᠭᠤᠯᠤᠯᠲᠠ ᠶᠢᠨ ᠲᠥᠯᠥᠪᠯᠡᠯᠲᠡ᠂ ᠬᠢᠨᠠᠯᠲᠠ᠂ ᠴᠢᠳᠠᠪᠬᠢ ᠶᠢ ᠨᠢ ᠰᠠᠶᠢᠵᠢᠷᠠᠭᠤᠯᠬᠤ ᠶᠤᠮ᠃
《ᠰᠡᠷᠭᠦᠭᠡᠭᠳᠡᠬᠦ ᠡᠷᠴᠢᠮ ᠬᠦᠴᠦ ᠶᠢ ᠨᠡᠮᠡᠭᠳᠡᠭᠦᠯᠬᠦ ᠲᠥᠰᠥᠯ 》 ᠨᠢ ᠪᠠᠷᠠᠭᠤᠨ ᠪᠥᠰᠡ᠂ ᠠᠯᠲᠠᠢ ᠤᠯᠢᠶᠠᠰᠤᠲᠠᠢ ᠶᠢᠨ ᠪᠥᠰᠡ ᠶᠢᠨ ᠡᠷᠴᠢᠮ ᠬᠦᠴᠦᠨ ᠦ ᠬᠠᠩᠭᠠᠮᠵᠢ ᠶᠢ ᠰᠠᠶᠢᠵᠢᠷᠠᠭᠤᠯᠬᠤ ᠵᠣᠷᠢᠯᠭ᠎ᠠ ᠲᠠᠢ᠃ ᠡᠨᠡ ᠬᠦᠷᠢᠶᠡᠨ ᠳᠦ 5 ᠪᠣᠯᠤᠨ 10 ᠮᠸᠭᠢᠸᠠᠲ ᠤᠨ ᠰᠠᠯᠬᠢᠨ ᠴᠠᠬᠢᠯᠭᠠᠨ ᠰᠲ᠋ᠠᠨᠼ᠂ 10 ᠮᠸᠭᠢᠸᠠᠲ ᠤᠨ ᠬᠣᠶᠠᠷ᠂ 5 ᠮᠸᠭᠢᠸᠠᠲ ᠤᠨ ᠨᠠᠷᠠᠨ ᠤ ᠨᠢᠭᠡ ᠴᠠᠬᠢᠯᠭᠠᠨ ᠰᠲ᠋ᠠᠨᠼ ᠪᠠᠷᠢᠵᠤ᠂ ᠭᠠᠵᠠᠷ ᠤᠨ ᠭᠦᠨ ᠦ ᠳᠤᠯᠠᠭᠠᠨ ᠤ ᠨᠠᠰᠣᠰ ᠰᠠᠭᠤᠷᠢᠯᠠᠭᠤᠯᠬᠤ ᠵᠠᠮ ᠢᠶᠠᠷ ᠰᠡᠷᠭᠦᠭᠡᠭᠳᠡᠬᠦ ᠡᠷᠴᠢᠮ ᠬᠦᠴᠦᠨ ᠦ ᠡᠬᠢ ᠡᠭᠦᠰᠪᠦᠷᠢ ᠪᠤᠢ ᠪᠣᠯᠭᠠᠬᠤ ᠪᠠᠷ ᠲᠥᠯᠥᠪᠯᠡᠵᠡᠢ᠃
ᠬᠢᠲᠠᠳ ᠤᠨ ᠵᠢᠭᠡᠯᠡ᠂ ᠪᠤᠴᠠᠯᠲᠠ ᠦᠭᠡᠢ ᠲᠤᠰᠠᠯᠠᠮᠵᠢ ᠪᠠᠷ ᠬᠡᠷᠡᠭᠵᠢᠬᠦ ᠲᠥᠰᠥᠯ ᠦᠳ ᠦᠨ ᠶᠠᠪᠤᠴᠠ ᠶᠢ ᠡᠷᠴᠢᠮᠵᠢᠭᠦᠯᠦᠨ᠎ᠡ
ᠲᠤᠬᠠᠶᠢᠯᠠᠪᠠᠯ ᠭᠠᠴᠤᠷᠠᠲᠤ ᠶᠢᠨ ᠠᠭᠤᠯᠵᠠᠪᠤᠷᠢ ᠠᠴᠠ ᠨᠠᠯᠠᠶᠢᠬᠤ ᠴᠤᠶᠢᠷ ᠤᠨ ᠠᠭᠤᠯᠵᠠᠪᠤᠷᠢ ᠬᠦᠷᠲᠡᠯᠡᠬᠢ 20.9 ᠺᠢᠯᠣᠮᠧᠲ᠋ᠷ ᠵᠠᠮ ᠤᠨ ᠥᠷᠭᠡᠳᠬᠡᠯ᠂ ᠲᠥᠪ ᠴᠡᠪᠡᠷᠯᠡᠬᠦ ᠪᠠᠶᠢᠭᠤᠯᠤᠮᠵᠢ ᠰᠢᠨ᠎ᠡ ᠪᠡᠷ ᠪᠠᠷᠢᠬᠤ᠂ ᠡᠷᠳᠡᠨᠢᠪᠦ᠋ᠷᠢᠨ ᠦ ᠤᠰᠤᠨ ᠴᠠᠬᠢᠯᠭᠠᠨ ᠰᠲ᠋ᠠᠨᠼ ᠪᠠᠷᠢᠬᠤ ᠲᠥᠰᠥᠯ ᠂
ᠬᠢᠯᠢ ᠶᠢᠨ ᠪᠣᠭᠣᠮᠲᠠ ᠶᠢᠨ ᠳᠡᠳ᠋ ᠪᠦᠲᠦᠴᠡ ᠶᠢ ᠰᠠᠶᠢᠵᠢᠷᠠᠭᠤᠯᠬᠤ᠂ 1008 ᠠᠶᠢᠯ ᠤᠨ ᠣᠷᠣᠨ ᠰᠠᠭᠤᠴᠠᠨ ᠤ ᠬᠤᠷᠤᠭᠠᠯᠠᠯ ᠪᠠᠷᠢᠬᠤ ᠠᠵᠢᠯ ᠢ ᠲᠦᠷᠭᠡᠳᠬᠡᠵᠦ᠂ 2018-2020 ᠣᠨ ᠳᠤ ᠬᠡᠷᠡᠭᠵᠢᠭᠦᠯᠬᠦ ᠲᠥᠰᠥᠯ ᠦᠳ ᠢ ᠬᠡᠷᠡᠭᠵᠢᠭᠦᠯᠬᠦ ᠬᠠᠮᠲᠤᠷᠠᠭᠰᠠᠨ ᠲᠥᠯᠥᠪᠯᠡᠭᠡ ᠭᠠᠷᠭᠠᠵᠤ ᠠᠵᠢᠯᠯᠠᠨ᠎ᠠ ᠃