ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠵᠠᠰᠠᠭ ᠤᠨ ᠭᠠᠵᠠᠷ ᠠᠴᠠ ︽ᠮᠣᠩᠭᠣᠯ ᠤᠯᠤᠰ ᠤᠨ 2019 ᠣᠨ ᠤ ᠲᠥᠰᠥᠪ ᠦᠨ ᠲᠥᠰᠥᠯ ︾ ᠲᠡᠢ ᠬᠠᠮᠲᠤ ᠡᠷᠭᠦᠨ ᠮᠡᠳᠡᠭᠦᠯᠦᠭᠰᠡᠨ ᠨᠡᠶᠢᠲᠡ ᠶᠢᠰᠦᠨ ᠬᠠᠤᠯᠢ᠂ ᠲᠣᠭᠲᠠᠭᠠᠯ ᠤᠨ ᠲᠥᠰᠥᠯ ᠢ ᠬᠡᠯᠡᠯᠴᠡᠯ᠎ᠡ᠃ ᠢᠷᠡᠬᠦ ᠣᠨ ᠤ ᠲᠥᠰᠥᠪ ᠦᠨ ᠲᠥᠰᠥᠯ ᠲᠡᠢ ᠬᠠᠮᠲᠤ ︽ᠲᠥᠰᠥᠪ ᠦᠨ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ︾᠂ ︽ᠢᠷᠡᠭᠡᠳᠦᠢ ᠶᠢᠨ ᠲᠡᠳᠬᠦᠪᠦᠷᠢ ᠶᠢᠨ ᠨᠥᠭᠡᠴᠡ ᠰᠠᠩ ᠤᠨ ᠲᠤᠬᠠᠢ ︾ ᠂ ︽ ᠵᠠᠰᠠᠭ ᠤᠨ ᠭᠠᠵᠠᠷ ᠤᠨ ᠲᠤᠰᠬᠠᠢ ᠰᠠᠩ ᠤᠨ ᠲᠤᠬᠠᠢ ︾ ᠂ ︽ᠪᠣᠯᠪᠠᠰᠤᠷᠠᠯ ᠤᠨ ᠲᠤᠬᠠᠢ︾ ᠵᠡᠷᠭᠡ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠬᠠᠤᠯᠢ ᠶᠢᠨ ᠲᠥᠰᠥᠯ ᠤᠳ ᠢ ᠡᠷᠭᠦᠨ ᠮᠡᠳᠡᠭᠦᠯᠦᠭᠰᠡᠨ ᠶᠤᠮ᠃ ᠤᠯᠤᠰ ᠤᠨ ᠶᠡᠬᠡ ᠬᠤᠷᠠᠯ ᠤᠨ ᠭᠡᠰᠢᠭᠦᠳ ᠬᠡᠯᠡᠯᠴᠡᠵᠦ ᠪᠤᠢ ᠠᠰᠠᠭᠤᠳᠠᠯ ᠲᠠᠢ ᠬᠣᠯᠪᠣᠭᠳᠠᠭᠤᠯᠤᠨ ᠠᠰᠠᠭᠤᠯᠲᠠ ᠠᠰᠠᠭᠤᠵᠤ᠂ ᠰᠠᠨᠠᠯ ᠬᠡᠯᠡᠯ᠎ᠡ᠃
ᠵ∙ᠭᠠᠩᠪᠠᠭᠠᠲᠤᠷ ᠭᠡᠰᠢᠭᠦᠨ ᠄ ᠢᠷᠡᠬᠦ ᠣᠨ ᠤ ᠲᠥᠰᠥᠪ ᠦᠨ 1.9 ᠶᠡᠬᠡ ᠨᠠᠶᠠᠳ ᠲᠥᠭᠥᠷᠢᠭ ᠦᠨ ᠠᠯᠳᠠᠭᠳᠠᠯ ᠢ ᠬᠡᠷᠬᠢᠨ ᠨᠥᠬᠥᠬᠥ ᠪᠤᠢ᠃ ᠤᠯᠠᠭᠠᠨᠪᠠᠭᠠᠲᠤᠷ ᠬᠤᠲᠠ ᠳᠤ ᠰᠤᠷᠭᠠᠭᠤᠯᠢ᠂ ᠴᠡᠴᠡᠷᠯᠢᠭ ᠦᠳ ᠡᠴᠡ ᠭᠠᠳᠠᠨ᠎ᠠ ᠲᠣᠮᠣᠬᠠᠨ ᠶᠠᠮᠠᠷ ᠶᠠᠮᠠᠷ ᠪᠦᠲᠦᠭᠡᠨ ᠪᠠᠶᠢᠭᠤᠯᠤᠯᠲᠠ ᠬᠢᠬᠦ ᠪᠡᠷ ᠲᠥᠯᠥᠪᠯᠡᠭᠰᠡᠨ ᠪᠤᠢ ︖
ᠰᠠᠩ ᠤᠨ ᠰᠠᠶᠢᠳ ᠴ∙ ᠬᠦᠷᠡᠯᠪᠠᠭᠠᠲᠤᠷ᠄ ᠢᠷᠡᠬᠦ ᠣᠨ ᠤ ᠲᠥᠰᠥᠪ ᠦᠨ ᠠᠯᠳᠠᠭᠳᠠᠯ ᠤᠨ ᠳᠡᠶᠢᠯᠦᠩᠬᠢ ᠬᠡᠰᠡᠭ ᠢ ᠭᠠᠳᠠᠭᠠᠳᠤ ᠶᠢᠨ ᠵᠢᠭᠡᠯᠡ ᠲᠤᠰᠠᠯᠠᠮᠵᠢ ᠪᠠᠷ ᠬᠡᠷᠡᠭᠵᠢᠭᠦᠯᠬᠦ ᠰᠢᠨ᠎ᠡ ᠨᠢᠰᠬᠦ ᠪᠠᠭᠤᠳᠠᠯ᠂ ᠤᠯᠠᠭᠠᠨᠪᠠᠭᠠᠲᠤᠷ ᠳᠠᠷᠬᠠᠨ ᠴᠢᠭᠯᠡᠯ ᠦᠨ ᠠᠦ᠋ᠲ᠋ᠤ᠋ ᠵᠠᠮ᠂ ᠲᠥᠪ ᠴᠡᠪᠡᠷᠯᠡᠬᠦ ᠪᠠᠶᠢᠭᠤᠯᠤᠮᠵᠢ ᠪᠠᠷᠢᠬᠤ ᠵᠡᠷᠭᠡ ᠲᠣᠮᠣᠬᠠᠨ ᠪᠦᠲᠦᠭᠡᠨ ᠪᠠᠶᠢᠭᠤᠯᠤᠯᠲᠠ ᠪᠠᠭᠲᠠᠵᠤ ᠪᠠᠶᠢᠭ᠎ᠠ ᠶᠤᠮ᠃ ᠥᠭᠡᠷ᠎ᠡ ᠪᠡᠷ ᠬᠡᠯᠡᠪᠡᠯ᠂ ᠡᠨᠡ ᠠᠯᠳᠠᠭᠳᠠᠯ ᠤᠨ ᠳᠡᠶᠢᠯᠦᠩᠬᠢ ᠬᠡᠰᠡᠭ ᠢ ᠤᠷᠲᠤ ᠬᠤᠭᠤᠴᠠᠭᠠᠨ ᠳᠤ᠂ ᠬᠥᠩᠭᠡᠯᠡᠯᠲᠡ ᠲᠡᠢ ᠨᠥᠬᠥᠴᠡᠯ ᠢᠶᠡᠷ ᠤᠯᠭᠤᠬᠤ ᠪᠣᠯᠤᠮᠵᠢ ᠪᠤᠢ᠃ ᠲᠡᠭᠦᠨᠴᠢᠯᠡᠨ ᠢᠷᠡᠬᠦ ᠣᠨ ᠤ ᠲᠥᠰᠥᠪ ᠡᠴᠡ ᠤᠯᠠᠭᠠᠨᠪᠠᠭᠠᠲᠤᠷ ᠬᠣᠲᠠ ᠶᠢᠨ ᠠᠭᠠᠷ ᠤᠨ ᠪᠤᠬᠢᠷᠳᠤᠯ ᠢ ᠪᠠᠭᠤᠷᠠᠭᠤᠯᠬᠤ᠂ ᠭᠤᠷᠪᠠᠨ ᠡᠭᠡᠯᠵᠢ ᠪᠡᠷ ᠬᠢᠴᠢᠶᠡᠯᠯᠡᠵᠦ ᠪᠤᠢ ᠰᠤᠷᠭᠠᠭᠤᠯᠢ ᠶᠢ ᠬᠣᠶᠠᠷ ᠡᠭᠡᠯᠵᠢᠨ ᠳᠦ ᠰᠢᠯᠵᠢᠭᠦᠯᠬᠦ ᠵᠡᠷᠭᠡ ᠠᠵᠢᠯ ᠢ ᠭᠣᠣᠯ ᠵᠣᠷᠢᠯᠲᠠ ᠪᠠᠨ ᠪᠣᠯᠭᠠᠭᠰᠠᠨ ᠬᠡᠮᠡᠯ᠎ᠡ᠃ ᠲᠡᠭᠡᠭᠡᠳ ᠰᠠᠨᠠᠯ ᠬᠤᠷᠢᠶᠠᠯᠲᠠ ᠶᠠᠪᠤᠭᠤᠯᠬᠤ ᠳᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ 77.4 ᠬᠤᠪᠢ ᠲᠥᠰᠥᠯ ᠦᠳ ᠢ ᠬᠡᠯᠡᠯᠴᠡᠬᠦ ᠶᠢ ᠳᠡᠮᠵᠢᠵᠦ᠂ ᠠᠩᠬᠠᠨ ᠤ ᠬᠡᠯᠡᠯᠴᠡᠭᠦᠯᠭᠡ ᠳᠦ ᠪᠡᠯᠡᠳᠬᠡᠭᠦᠯᠬᠦ ᠪᠡᠷ ᠲᠥᠰᠥᠪ ᠦᠨ ᠪᠠᠶᠢᠩᠭᠤ ᠶᠢᠨ ᠬᠣᠷᠢᠶᠠᠨ ᠳᠤ ᠰᠢᠯᠵᠢᠭᠦᠯᠦᠭᠰᠡᠨ ᠢᠶᠡᠷ ᠴᠢᠭᠤᠯᠭᠠᠨ ᠤ ᠦᠳᠡ ᠡᠴᠡ ᠡᠮᠦᠨᠡᠬᠢ ᠬᠤᠷᠠᠯᠳᠤᠭᠠᠨ ᠥᠨᠳᠥᠷᠯᠡᠯ᠎ᠡ᠃