ᠤᠭ᠍ᠶᠤᠲᠤᠯᠤᠭᠠᠢ ᠺᠣᠮᠫᠠᠨᠢ 2018 ᠣᠨ ᠤ ᠭᠤᠷᠪᠠᠳᠤᠭᠠᠷ ᠤᠯᠠᠷᠢᠯ ᠤᠨ ᠭᠦᠢᠴᠡᠳᠬᠡᠯ ᠦᠨ ᠲᠠᠶᠢᠯᠤᠨ ᠢ ᠪᠠᠨ ᠲᠠᠨᠢᠯᠴᠠᠭᠤᠯᠤᠯ᠎ᠠ ᠃
ᠤᠭ᠍ᠶᠤᠲᠤᠯᠤᠭᠠᠢ ᠺᠣᠮᠫᠠᠨᠢ ᠮᠣᠩᠭᠣᠯ ᠤᠯᠤᠰ ᠤᠨ ᠵᠠᠰᠠᠭ ᠤᠨ ᠭᠠᠵᠠᠷ ᠲᠤ 2010 ᠣᠨ ᠠᠴᠠ ᠡᠬᠢᠯᠡᠨ 2018 ᠣᠨ ᠤ ᠭᠤᠷᠪᠠᠳᠤᠭᠠᠷ ᠤᠯᠠᠷᠢᠯ ᠤᠨ ᠪᠠᠶᠢᠳᠠᠯ ᠢᠶᠠᠷ 1.6 ᠲᠡᠷᠪᠤᠮ ᠳ᠋ᠣᠯᠯᠠᠷ ᠢ ᠲᠠᠲᠠᠪᠤᠷᠢ᠂ ᠬᠤᠷᠢᠶᠠᠮᠵᠢ ᠪᠣᠯᠤᠨ ᠪᠤᠰᠤᠳ ᠲᠥᠯᠥᠪᠦᠷᠢ ᠳᠦ ᠲᠥᠯᠦᠭᠰᠡᠨ ᠦ ᠳᠣᠲᠣᠷ᠎ᠠ 2018 ᠣᠨ ᠤ ᠡᠬᠢᠨ ᠦ ᠭᠤᠷᠪᠠᠨ ᠤᠯᠠᠷᠢᠯ ᠳᠤ 152 ᠰᠠᠶ᠎ᠠ ᠳ᠋ᠣᠯᠯᠠᠷ ᠲᠥᠯᠦᠭᠰᠡᠨ ᠪᠠᠶᠢᠨ᠎ᠠ᠃
ᠦᠨᠳᠦᠰᠦᠨ ᠪᠣᠯᠤᠨ ᠭᠡᠷᠡᠲᠦ ᠠᠵᠢᠯᠴᠢᠨ ᠤᠨ ᠲᠣᠭ᠎ᠠ 17 ᠮᠢᠩᠭ᠎ᠠ ᠳᠠᠪᠠᠵᠤ᠂ ᠮᠣᠩᠭᠣᠯ ᠤᠯᠤᠰ ᠲᠤ ᠠᠵᠢᠯ ᠣᠯᠭᠤᠭᠴᠢ ᠬᠠᠮᠤᠭ ᠤᠨ ᠲᠣᠮᠣ ᠬᠤᠪᠢ ᠶᠢᠨ ᠬᠡᠪᠰᠢᠯ ᠦᠨ ᠪᠠᠶᠢᠭᠤᠯᠤᠯᠭ᠎ᠠ ᠪᠣᠯᠤᠭᠠᠳ ᠪᠠᠶᠢᠨ᠎ᠠ᠃ ᠠᠵᠢᠯᠯᠠᠬᠤ ᠬᠦᠴᠦᠨ ᠦ 93 ᠬᠤᠪᠢ ᠨᠢ ᠮᠣᠩᠭᠣᠯ ᠪᠥᠭᠡᠳ ᠡᠭᠦᠨ ᠦ 19.4 ᠬᠤᠪᠢ ᠶᠢ ᠡᠮᠦᠨᠡᠭᠣᠪᠢ ᠠᠶᠢᠮᠠᠭ ᠤᠨ ᠢᠷᠭᠡᠳ᠂ ᠨᠡᠶᠢᠲᠡ ᠠᠵᠢᠯᠯᠠᠬᠤ ᠬᠦᠴᠦᠨ ᠦ 53.9 ᠬᠤᠪᠢ ᠶᠢ ᠭᠦᠨ ᠦ ᠠᠭᠤᠷᠬᠠᠢ ᠶᠢᠨ ᠠᠵᠢᠯᠴᠢᠳ ᠪᠦᠷᠢᠳᠦᠭᠦᠯᠵᠦ ᠪᠠᠶᠢᠨ᠎ᠠ᠃
ᠤᠭ᠍ᠶᠤᠲᠤᠯᠤᠭᠠᠢ ᠨᠢᠭᠡ ᠲᠣᠨ ᠬᠥᠳᠡᠷ ᠪᠣᠯᠪᠠᠰᠤᠷᠠᠭᠤᠯᠬᠤ ᠳᠤ ᠪᠠᠨ ᠶᠡᠷᠦ ᠳᠡᠭᠡᠨ 0.35 ᠱᠣᠣ ᠮᠧᠲ᠋ᠷ ᠪᠤᠶᠤ ᠳᠡᠯᠡᠬᠡᠢ ᠶᠢᠨ ᠢᠵᠢᠯ ᠦᠢᠯᠡ ᠠᠵᠢᠯᠯᠠᠭ᠎ᠠ ᠲᠠᠢ ᠪᠤᠰᠤᠳ ᠠᠭᠤᠷᠬᠠᠢ ᠶᠢᠨ ᠬᠡᠷᠡᠭᠯᠡᠳᠡᠭ ᠡᠴᠡ ᠳᠠᠷᠤᠢ ᠭᠤᠷᠪᠠ ᠳᠠᠬᠢᠨ ᠪᠠᠭ᠎ᠠ ᠤᠰᠤ ᠠᠰᠢᠭᠯᠠᠵᠤ᠂ ᠣᠯᠠᠨ ᠤᠯᠤᠰ ᠲᠤ ᠵᠢᠱᠢᠭ ᠪᠣᠯᠬᠤᠶᠢᠴᠠ ᠪᠠᠶᠢᠭᠠᠯᠢ ᠣᠷᠴᠢᠨ ᠤ ᠭᠦᠢᠴᠡᠳᠬᠡᠯ ᠢᠶᠡᠨ ᠦᠷᠭᠦᠯᠵᠢᠯᠡᠭᠦᠯᠦᠨ ᠪᠠᠲᠤᠳᠬᠠᠵᠠᠢ᠃
ᠤᠭ᠍ᠶᠤᠲᠤᠯᠤᠭᠠᠢ ᠺᠣᠮᠫᠠᠨᠢ 2018 ᠣᠨ ᠤ ᠡᠬᠢᠨ ᠦ ᠭᠤᠷᠪᠠᠨ ᠤᠯᠠᠷᠢᠯ ᠳᠤ 793 ᠬᠠᠩᠭᠠᠨ ᠨᠡᠶᠢᠯᠡᠭᠦᠯᠦᠭᠴᠢ ᠲᠡᠢ ᠬᠠᠮᠲᠤᠷᠠᠨ ᠠᠵᠢᠯᠯᠠᠭᠰᠠᠨ ᠤ 562 ᠨᠢ ᠦᠨᠳᠦᠰᠦᠨ ᠦ ᠺᠣᠮᠫᠠᠨᠢ ᠪᠥᠭᠡᠳ ᠦᠢᠯᠡ ᠠᠵᠢᠯᠯᠠᠭᠠᠨ ᠤ ᠬᠤᠳᠠᠯᠳᠤᠨ ᠠᠪᠤᠯᠲᠠ ᠶᠢᠨ 79 ᠬᠤᠪᠢ ᠶᠢ ᠡᠳᠡᠭᠡᠷ ᠺᠣᠮᠫᠠᠨᠢ ᠳᠤ ᠵᠠᠷᠤᠴᠠᠭᠤᠯᠤᠭᠰᠠᠨ ᠪᠠᠶᠢᠨ᠎ᠠ᠃ 2010 ᠣᠨ ᠠᠴᠠ 2018 ᠣᠨ ᠤ ᠭᠤᠷᠪᠠᠳᠤᠭᠠᠷ ᠤᠯᠠᠷᠢᠯ ᠬᠦᠷᠲᠡᠯᠡᠬᠢ ᠬᠤᠭᠤᠴᠠᠭᠠᠨ ᠳᠤ ᠦᠨᠳᠦᠰᠦᠨ ᠦ ᠬᠤᠳᠠᠯᠳᠤᠨ ᠠᠪᠤᠯᠲᠠ ᠳᠤ ᠨᠡᠶᠢᠲᠡ 2.6 ᠲᠡᠷᠪᠤᠮ ᠳ᠋ᠣᠯᠯᠠᠷ ᠵᠠᠷᠤᠴᠠᠭᠤᠯᠤᠭᠰᠠᠨ ᠪᠣᠯ ᠮᠥᠨ ᠬᠤᠭᠤᠴᠠᠭᠠᠨ ᠳᠤ ᠡᠮᠦᠨᠡᠭᠣᠪᠢ ᠠᠶᠢᠮᠠᠭ ᠤᠨ ᠨᠡᠶᠢᠯᠡᠭᠦᠯᠦᠭᠴᠢᠳ ᠡᠴᠡ ᠠᠪᠤᠭᠰᠠᠨ ᠪᠠᠷᠠᠭ᠎ᠠ ᠦᠢᠯᠡᠴᠢᠯᠡᠭᠡ ᠬᠤᠳᠠᠯᠳᠤᠨ ᠠᠪᠤᠯᠲᠠ ᠳᠤ ᠪᠠᠨ 379 ᠰᠠᠶ᠎ᠠ ᠳ᠋ᠣᠯᠯᠠᠷ ᠵᠠᠷᠤᠴᠠᠭᠤᠯᠤᠭᠰᠠᠨ ᠪᠠᠶᠢᠨ᠎ᠠ᠃