ᠤᠯᠤᠰ ᠤᠨ ᠶᠡᠬᠡ ᠬᠤᠷᠠᠯ ᠤᠨ ᠭᠡᠰᠢᠭᠦᠨ ᠯ∙ᠪᠣᠯᠣᠳ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠢ ᠦᠨᠳᠦᠰᠦᠨ ᠬᠠᠤᠯᠢ ᠵᠥᠷᠢᠴᠡᠭᠰᠡᠨ ᠭᠡᠵᠦ ᠦᠵᠡᠨ᠂ ᠰᠡᠴᠡ ᠳᠦ ᠭᠣᠮᠣᠳᠠᠯ ᠭᠠᠷᠭᠠᠭᠰᠠᠨ ᠪᠠᠶᠢᠨ᠎ᠠ᠃ ᠲᠡᠷᠡ ᠪᠡᠷ ᠄ ᠤᠯᠤᠰ ᠤᠨ ᠶᠡᠬᠡ ᠬᠤᠷᠠᠯ ᠤᠨ ᠨᠡᠷ᠎ᠡ ᠪᠦᠬᠦᠢ ᠭᠡᠰᠢᠭᠦᠳ ᠦᠨ ᠭᠠᠷᠭᠠᠭᠰᠠᠨ ᠱᠠᠭᠠᠷᠳᠠᠯᠭ᠎ᠠ ᠶᠢᠨ ᠳᠠᠭᠠᠤ ︽ᠤᠯᠤᠰ ᠤᠨ ᠶᠡᠬᠡ ᠬᠤᠷᠠᠯ ᠤᠨ ᠲᠤᠬᠠᠢ ︾ ᠬᠠᠤᠯᠢ ᠶᠢᠨ 16.2 ᠍ ᠳᠦ ᠡᠭᠡᠯᠵᠢᠲᠦ ᠪᠤᠰᠤ ᠴᠢᠭᠤᠯᠭᠠᠨ ᠢ ᠨᠡᠶᠢᠲᠡ ᠭᠡᠰᠢᠭᠦᠨ ᠦ ᠭᠤᠷᠪᠠᠨ ᠤ ᠨᠢᠭᠡ ᠡᠴᠡ ᠳᠡᠭᠡᠭᠰᠢᠬᠢ ᠨᠢ ᠱᠠᠭᠠᠷᠳᠠᠭᠰᠠᠨ ᠢᠶᠠᠷ ᠬᠤᠷᠠᠯᠳᠤᠭᠤᠯᠤᠨ᠎ᠠ ᠭᠡᠵᠦ ᠵᠢᠭᠠᠭᠰᠠᠨ ᠪᠠᠶᠢᠳᠠᠭ᠃ ᠭᠡᠪᠡᠴᠦ ᠤᠯᠤᠰ ᠤᠨ ᠶᠡᠬᠡ ᠬᠤᠷᠠᠯ ᠤᠨ ᠳᠠᠷᠤᠭ᠎ᠠ ᠤᠭ ᠵᠢᠭᠠᠯᠲᠠ ᠶᠢ ᠵᠥᠷᠢᠴᠡᠭᠰᠡᠨ ᠭᠡᠵᠦ ᠣᠨᠴᠠᠯᠠᠭᠰᠠᠨ ᠪᠠᠶᠢᠨ᠎ᠠ᠃ ᠮᠥᠨ ᠤᠭ ᠠᠰᠠᠭᠤᠳᠠᠯ ᠢᠶᠠᠷ ᠨᠡᠷ᠎ᠡ ᠪᠦᠬᠦᠢ ᠢᠷᠭᠡᠳ ᠦᠨᠳᠦᠰᠦᠨ ᠬᠠᠤᠯᠢ ᠶᠢᠨ ᠰᠡᠴᠡ ᠳᠦ ᠭᠣᠮᠣᠳᠠᠯ ᠭᠠᠷᠭᠠᠭᠠᠳ ᠪᠠᠶᠢᠭ᠎ᠠ ᠠᠵᠠᠢ ᠃