ᠣᠳᠣ ᠠᠴᠠ ᠰᠠᠷ᠎ᠠ ᠶᠢᠨ ᠡᠮᠦᠨ᠎ᠡ ᠲᠠᠩᠨᠠᠭᠤᠯ ᠤᠨ ᠶᠡᠷᠦᠩᠬᠡᠢ ᠭᠠᠵᠠᠷ ᠤᠨ ᠰᠥᠷᠬᠦ ᠲᠠᠩᠨᠠᠭᠤᠯ ᠤᠨ ᠭᠠᠵᠠᠷ ᠤᠨ ᠬᠢᠨ ᠭᠣᠯᠣᠮᠲᠠ ᠬᠣᠲᠠᠬᠠᠨ ᠤ ᠪᠠᠶᠢᠷᠢᠨ ᠳᠤ ᠲᠤᠰᠬᠠᠢ ᠠᠵᠢᠯᠯᠠᠭ᠎ᠠ ᠶᠠᠪᠤᠭᠤᠯᠵᠤ᠂ ᠭᠠᠳᠠᠭᠠᠳᠤ ᠶᠢᠨ ᠢᠷᠭᠡᠨ ᠢ ᠪᠠᠷᠢᠪᠴᠢᠯᠠᠭᠰᠠᠨ ᠪᠠᠶᠢᠳᠠᠭ᠃ ᠨᠡᠶᠢᠰᠯᠡᠯ ᠦᠨ ᠫᠷᠣᠺᠦ᠋ᠷᠣᠷ ᠤᠨ ᠭᠠᠵᠠᠷ ᠠᠴᠠ M᠂ A᠂W ᠨᠠᠷ ᠢ ᠡᠷᠡᠭᠦᠦ ᠶᠢᠨ ᠬᠠᠤᠯᠢ ᠶᠢ ᠦᠨᠳᠦᠰᠦᠯᠡᠨ ᠶᠠᠯᠠᠯᠠᠭᠳᠠᠭᠴᠢ ᠪᠠᠷ ᠲᠠᠲᠠᠵᠤ᠂ ᠤᠯᠠᠮ ᠢᠶᠠᠷ ᠰᠢᠭᠦᠬᠦ ᠲᠡᠳᠡᠨ ᠳᠦ ᠴᠠᠭᠳᠠᠨ ᠬᠤᠷᠢᠬᠤ ᠲᠠᠰᠤᠯᠤᠨ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠪᠢᠯᠡ᠃ ᠡᠷᠡᠭᠦᠦ ᠶᠢᠨ ᠬᠠᠤᠯᠢ ᠍ ᠳᠦ ᠭᠠᠳᠠᠭᠠᠳᠤ ᠶᠢᠨ ᠢᠷᠭᠡᠨ ᠂ ᠬᠠᠷᠢᠶᠠᠯᠠᠯ ᠦᠭᠡᠢ ᠬᠦᠮᠦᠨ ᠮᠣᠩᠭᠣᠯ ᠤᠯᠤᠰ ᠤᠨ ᠨᠤᠲᠤᠭ ᠳᠡᠪᠢᠰᠬᠡᠷ ᠲᠦ ᠲᠠᠩᠨᠠᠭᠤᠯ ᠬᠢᠭᠰᠡᠨ ᠪᠣᠯ 12-20 ᠵᠢᠯ ᠬᠦᠷᠲᠡᠯ᠎ᠡ ᠬᠤᠭᠤᠴᠠᠭ᠎ᠠ ᠪᠠᠷ ᠬᠤᠷᠢᠬᠤ ᠶᠠᠯ᠎ᠠ ᠪᠠᠷ ᠰᠢᠢᠳᠬᠡᠨ᠎ᠡ ᠭᠡᠵᠦ ᠵᠢᠭᠠᠵᠠᠢ᠃ ᠡᠬᠢ ᠰᠤᠷᠪᠤᠯᠵᠢ ᠶᠢᠨ ᠮᠡᠳᠡᠭᠡᠯᠡᠭᠰᠡᠨ ᠢᠶᠡᠷ᠂ ᠮᠠᠨ ᠤ ᠤᠯᠤᠰ ᠤᠨ ᠬᠣᠶᠠᠷ ᠢᠷᠭᠡᠨ ᠨᠢ ᠲᠥᠷᠥ ᠶᠢᠨ ᠠᠯᠪᠠᠨ ᠲᠤᠰᠢᠶᠠᠯᠲᠠᠨ ᠪᠥᠭᠡᠳ ᠬᠣᠶᠠᠷ ᠵᠢᠯ ᠣᠷᠴᠢᠮ ᠬᠤᠭᠤᠴᠠᠭᠠᠨ ᠳᠤ ᠲᠠᠶᠢᠸᠠᠨ ᠤ ᠲᠤᠰᠬᠠᠢ ᠠᠯᠪᠠᠨ ᠤ ᠬᠦᠮᠦᠨ ᠳᠦ ᠮᠡᠳᠡᠭᠡᠯᠡᠯ ᠳᠠᠮᠵᠢᠭᠤᠯᠵᠤ ᠪᠠᠶᠢᠭᠰᠠᠨ ᠨᠢ ᠲᠣᠳᠣᠷᠬᠠᠢ ᠪᠣᠯᠤᠭᠰᠠᠨ ᠠᠵᠠᠢ ᠃