ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 854 ᠵᠢᠯ ᠦᠨ ᠣᠢ᠂ ︽ᠮᠤᠩᠭᠤᠯ ᠪᠠᠬᠠᠷᠬᠠᠯ ᠤᠨ ᠡᠳᠦᠷ ︾ ᠲᠦ ᠵᠣᠷᠢᠭᠤᠯᠤᠭᠰᠠᠨ ᠦᠨᠳᠦᠰᠦᠨ ᠦ ᠪᠥᠬᠡ ᠶᠢᠨ ᠪᠠᠷᠢᠯᠳᠤᠭᠠᠨ ᠮᠠᠷᠭᠠᠰᠢ ᠪᠤᠶᠠᠨᠲᠤ-ᠬᠤᠸᠠ ᠰᠫᠣᠷᠲ ᠤᠨ ᠣᠷᠳᠣᠨ ᠳᠤ 14᠄00 ᠴᠠᠭ ᠠᠴᠠ ᠡᠬᠢᠯᠡᠨ᠎ᠡ᠃ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠠᠴᠠ ᠰᠠᠨᠠᠭᠠᠴᠢᠯᠠᠨ ᠵᠣᠬᠢᠶᠠᠨ ᠪᠠᠶᠢᠭᠤᠯᠳᠠᠭ ᠤᠭ ᠪᠠᠷᠢᠯᠳᠤᠭᠠᠨ ᠳᠤ ᠬᠦᠴᠦᠲᠦ 128 ᠪᠥᠬᠡ ᠵᠣᠳᠣᠭᠯᠠᠬᠤ ᠶᠤᠮ᠃ ᠦᠨᠳᠦᠰᠦᠨ ᠦ ᠪᠥᠬᠡ ᠶᠢᠨ ᠬᠣᠯᠪᠣᠭᠠᠨ ᠤ ᠮᠠᠷᠭᠤᠭᠠᠨ ᠠᠴᠠ ᠡᠭᠦᠳᠦᠭᠡᠳ ᠰᠡᠭᠦᠯ ᠦᠨ ᠬᠡᠳᠦᠨ ᠰᠠᠷ᠎ᠠ ᠮᠣᠩᠭᠣᠯ ᠪᠥᠬᠡ ᠶᠢᠨ ᠥᠷᠭᠦᠭᠡᠨ ᠳᠦ ᠰᠫᠣᠷᠲ᠂ ᠤᠷᠠᠯᠢᠭ ᠤᠨ ᠠᠷᠭ᠎ᠠ ᠬᠡᠮᠵᠢᠶ᠎ᠡ ᠵᠣᠬᠢᠶᠠᠨ ᠪᠠᠶᠢᠭᠤᠯᠤᠭᠳᠠᠬᠤ ᠦᠭᠡᠢ ᠪᠠᠶᠢᠭ᠎ᠠ ᠶᠤᠮ᠃
2012 ᠣᠨ ᠠᠴᠠ ᠡᠬᠢᠯᠡᠨ ᠵᠣᠬᠢᠶᠠᠨ ᠪᠠᠶᠢᠭᠤᠯᠵᠤ ᠪᠤᠢ ︽ᠮᠣᠩᠭᠣᠯ ᠪᠠᠬᠠᠷᠬᠠᠯ ᠤᠨ ᠡᠳᠦᠷ︾ ᠤᠨ ᠪᠠᠷᠢᠯᠳᠤᠭᠠᠨ ᠳᠤ ᠴ∙ᠰᠠᠩᠵᠠᠶᠢᠳᠠᠮᠪᠠ ᠠᠪᠤᠷᠭᠤ ᠬᠣᠶᠠᠷ ᠤᠳᠠᠭ᠎ᠠ ᠲᠦᠷᠦᠭᠦᠯᠡᠭᠰᠡᠨ ᠪᠣᠯ ᠤᠯᠤᠰ ᠤᠨ ᠠᠷᠰᠯᠠᠨ ᠫ∙ᠪᠦᠷᠢᠨᠲᠡᠭᠦᠰ᠂ ᠤᠯᠤᠰ ᠤᠨ ᠠᠷᠰᠯᠠᠨ ᠷ∙ᠫᠦᠷᠪᠦᠳᠠᠭᠪᠠ᠂ ᠤᠯᠤᠰ ᠤᠨ ᠭᠠᠷᠤᠳᠢ ᠨ∙ᠭᠠᠩᠪᠠᠭᠠᠲᠤᠷ᠂ ᠤᠯᠤᠰ ᠤᠨ ᠭᠠᠷᠤᠳᠢ ᠥ᠊∙ᠪᠠᠲᠤ-ᠤᠷᠤᠰᠢᠬᠤ ᠨᠠᠷ ᠲᠤᠰ ᠪᠦᠷᠢ ᠨᠢᠭᠡ ᠤᠳᠠᠭ᠎ᠠ ᠲᠦᠷᠦᠭᠦᠯᠡᠵᠡᠢ᠃ ᠮᠥᠨ ᠤᠯᠤᠰ ᠤᠨ ᠠᠪᠤᠷᠭᠤ ᠰ∙ᠮᠥᠩᠬᠡᠪᠠᠲᠤ᠂ ᠤᠯᠤᠰ ᠤᠨ ᠨᠠᠴᠢᠨ ᠡ᠊∙ᠳᠠᠰᠢ ᠨᠠᠷ ᠲᠤᠰ ᠪᠦᠷᠢ ᠬᠣᠶᠠᠷ ᠤᠳᠠᠭ᠎ᠠ ᠦᠵᠦᠭᠦᠷ ᠪᠤᠯᠢᠶᠠᠭᠰᠠᠨ ᠪᠠᠶᠢᠨ᠎ᠠ᠃