ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠧᠦ᠋ᠷᠣᠫᠠ ᠶᠢᠨ ᠬᠣᠯᠪᠣᠭᠠᠨ ᠤ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ᠂ ᠬᠥᠭᠵᠢᠯ ᠦᠨ ᠠᠰᠠᠭᠤᠳᠠᠯ ᠬᠠᠷᠢᠭᠤᠴᠠᠭᠰᠠᠨ ᠺᠣᠮᠢᠰᠰᠠᠷ ᠨᠧᠪᠸᠨ ᠮᠢᠮᠢᠼᠠ ᠶᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ᠂ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠨᠣᠶᠠᠨ ᠨᠧᠪᠸᠨ ᠮᠢᠮᠢᠼᠠ ᠶᠢ ᠮᠣᠩᠭᠣᠯ ᠤᠯᠤᠰ ᠲᠤ ᠲᠠᠪᠠᠲᠠᠢ ᠰᠠᠭᠠᠲᠠᠬᠤ ᠶᠢ ᠬᠦᠰᠡᠭᠡᠳ᠂ ᠬᠠᠮᠲᠤ ᠶᠢᠨ ᠠᠵᠢᠯᠯᠠᠭᠠᠨ ᠤ 30 ᠵᠢᠯ ᠦᠨ ᠣᠢ ᠶᠢᠨ ᠡᠮᠦᠨ᠎ᠡ ᠧᠦ᠋ᠷᠣᠫᠠ ᠶᠢᠨ ᠬᠣᠯᠪᠣᠭ᠎ᠠ ᠮᠠᠨ ᠤ ᠤᠯᠤᠰ ᠲᠤ ᠲᠥᠯᠥᠭᠡᠯᠡᠭᠴᠢ ᠶᠢᠨ ᠭᠠᠵᠠᠷ ᠢᠶᠠᠨ ᠨᠡᠭᠡᠭᠡᠬᠦ ᠭᠡᠵᠦ ᠪᠤᠢ ᠳᠤ ᠲᠠᠯᠠᠷᠬᠠᠯ ᠢᠯᠡᠷᠬᠡᠶᠢᠯᠡᠯ᠎ᠡ᠃ ᠮᠥᠨ ᠥᠩᠭᠡᠷᠡᠭᠰᠡᠨ ᠬᠤᠭᠤᠴᠠᠭᠠᠨ ᠤ ᠬᠠᠮᠲᠤ ᠶᠢᠨ ᠠᠵᠢᠯᠯᠠᠭ᠎ᠠ᠂ ᠲᠤᠰᠠᠯᠠᠮᠵᠢ ᠳᠡᠮᠵᠢᠯᠭᠡ ᠨᠢ ᠦᠷ᠎ᠡ ᠠᠰᠢᠭ ᠲᠠᠢ ᠪᠠᠶᠢᠭᠰᠠᠨ ᠢ ᠳᠤᠷᠠᠳᠴᠤ᠂ ᠧᠦ᠋ᠷᠣᠫᠠ ᠶᠢᠨ ᠬᠣᠯᠪᠣᠭᠠᠨ ᠤ ᠲᠥᠯᠥᠭᠡᠯᠡᠭᠴᠢ ᠶᠢᠨ ᠭᠠᠵᠠᠷ ᠨᠡᠭᠡᠭᠡᠭᠳᠡᠭᠰᠡᠨ ᠢᠶᠡᠷ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠂ ᠲᠥᠰᠥᠯ ᠬᠥᠲᠥᠯᠪᠦᠷᠢ ᠨᠦᠭᠦᠳ ᠬᠡᠷᠡᠭᠵᠢᠨ᠎ᠡ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠣᠨᠴᠠᠯᠠᠪᠠ᠃
ᠮᠥᠨ ᠨᠣᠶᠠᠨ ᠨᠧᠪᠸᠨ ᠮᠢᠮᠢᠼᠠ ᠲᠥᠯᠥᠭᠡᠯᠡᠭᠴᠢ ᠶᠢᠨ ᠭᠠᠵᠠᠷ ᠨᠡᠭᠡᠭᠡᠭᠳᠡᠭᠰᠡᠨ ᠢᠶᠡᠷ ᠮᠣᠩᠭᠣᠯ ᠧᠦ᠋ᠷᠣᠫᠠ ᠶᠢᠨ ᠬᠣᠯᠪᠣᠭᠠᠨ ᠤ ᠲᠦᠩᠰᠢᠯᠡᠯ ᠰᠠᠶᠢᠵᠢᠷᠠᠵᠤ᠂ ᠪᠦᠬᠦ ᠲᠦᠪᠰᠢᠨ ᠦ ᠬᠠᠷᠢᠯᠴᠠᠭ᠎ᠠ ᠪᠠᠨ ᠢᠯᠡᠭᠦᠦ ᠰᠠᠶᠢᠵᠢᠷᠠᠭᠤᠯᠤᠨ᠎ᠠ ᠭᠡᠳᠡᠭ ᠲᠦ ᠢᠲᠡᠭᠡᠯ ᠲᠡᠭᠦᠰ ᠪᠠᠶᠢᠭ᠎ᠠ ᠬᠡᠮᠡᠪᠡ᠃ ᠮᠥᠨ ᠲᠡᠷᠡ ᠪᠡᠷ ᠠᠶᠢᠯᠴᠢᠯᠠᠯ ᠤᠨ ᠢᠶᠠᠨ ᠬᠤᠭᠤᠴᠠᠭᠠᠨ ᠳᠤ 2015 ᠣᠨ ᠤ ᠵᠢᠷᠭᠤᠳᠤᠭᠠᠷ ᠰᠠᠷ᠎ᠠ ᠶᠢᠨ 3 ᠍ ᠳᠦ ᠪᠠᠶᠢᠭᠤᠯᠤᠭᠰᠠᠨ ᠬᠥᠭᠵᠢᠯ ᠦᠨ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠲᠦ ᠳᠤᠷᠠᠳᠤᠭᠰᠠᠨ ᠠᠰᠠᠭᠤᠳᠠᠯ ᠢ ᠪᠣᠳᠠᠲᠤ ᠠᠵᠢᠯ ᠬᠡᠷᠡᠭ ᠪᠣᠯᠭᠠᠬᠤ᠂ ᠶᠠᠪᠤᠴᠠ ᠲᠠᠢ ᠨᠢ ᠲᠠᠨᠢᠯᠴᠠᠬᠤ ᠵᠡᠷᠭᠡ ᠠᠵᠢᠯ ᠢᠶᠠᠷ ᠢᠷᠡᠭᠰᠡᠨ ᠢᠶᠡᠨ ᠬᠡᠯᠡᠭᠡᠳ᠂ ᠧᠦ᠋ᠷᠣᠫᠠ ᠶᠢᠨ ᠬᠣᠯᠪᠣᠭᠠᠨ ᠠᠴᠠ ᠮᠣᠩᠭᠣᠯ ᠤᠯᠤᠰ ᠲᠤ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠲᠠᠲᠠᠬᠤ᠂ ᠠᠵᠢᠯ ᠤᠨ ᠪᠠᠶᠢᠷᠢ ᠨᠡᠮᠡᠭᠳᠡᠭᠦᠯᠬᠦ ᠳᠦ ᠴᠢᠭᠯᠡᠨ ᠦᠶ᠎ᠡ ᠱᠠᠲᠤ ᠲᠠᠢ ᠣᠯᠭᠤᠵᠤ ᠪᠠᠶᠢᠭ᠎ᠠ ᠪᠤᠴᠠᠯᠲᠠ ᠦᠭᠡᠢ ᠲᠤᠰᠠᠯᠠᠮᠵᠢ ᠶᠢ ᠢᠯᠡᠭᠦᠦ ᠦᠷ᠎ᠡ ᠠᠰᠢᠭ ᠲᠠᠢ ᠪᠣᠯᠭᠠᠬᠤ ᠲᠠᠯ᠎ᠠ ᠪᠠᠷ ᠮᠥᠨ ᠶᠠᠷᠢᠯᠴᠠᠯ᠎ᠠ᠃