ᠠᠷᠠᠳᠴᠢᠯᠠᠭᠰᠠᠨ ᠨᠠᠮ ︽ᠮᠣᠩᠭᠣᠯ ᠢᠶᠠᠨ ᠰᠣᠨᠣᠰᠤᠶ᠎ᠠ︾ ᠠᠶᠠᠨ ᠤ ᠦᠷᠭᠦᠯᠵᠢᠯᠡᠯ ᠪᠣᠯᠭᠠᠵᠤ 《ᠬᠥᠭᠵᠢᠯ-ᠰᠢᠨᠡᠴᠢᠯᠡᠯ》 ᠦᠨᠳᠦᠰᠦᠨ ᠦ ᠬᠤᠶᠠᠳᠤᠭᠠᠷ ᠠᠶᠠᠨ ᠢᠶᠠᠨ ᠡᠨᠡ ᠠᠮᠠᠷᠠᠯᠲᠠ ᠶᠢᠨ ᠡᠳᠦᠷ ᠦᠳ ᠲᠦ ᠡᠬᠢᠯᠡᠭᠦᠯᠦᠯ᠎ᠡ᠃ ᠡᠨᠡᠬᠦ ᠠᠶᠠᠨ ᠨᠢ 21 ᠠᠶᠢᠮᠠᠭ᠂ 330 ᠰᠤᠮᠤ᠂ 1500 ᠪᠠᠭ᠂ ᠨᠡᠶᠢᠰᠯᠡᠯ ᠦᠨ ᠶᠢᠰᠦᠨ ᠳᠡᠭᠦᠷᠭᠡ᠂ 152 ᠬᠣᠷᠢᠶ᠎ᠠ ᠪᠦᠷᠢ ᠪᠡᠷ ᠶᠠᠪᠤᠵᠤ ᠭᠡᠰᠢᠭᠦᠳ᠂ ᠢᠷᠭᠡᠳ ᠦᠨ ᠢᠶᠡᠨ ᠰᠠᠨᠠᠯ ᠪᠣᠳᠣᠯ ᠢ ᠰᠣᠨᠣᠰᠴᠤ ᠮᠥᠨ ᠤᠯᠤᠰ ᠣᠷᠣᠨ ᠤ ᠨᠡᠶᠢᠭᠡᠮ ᠡᠳ᠋ ᠍ ᠦᠨ ᠵᠠᠰᠠᠭ ᠤᠨ ᠨᠥᠬᠥᠴᠡᠯ ᠪᠠᠶᠢᠳᠠᠯ ᠤᠨ ᠲᠠᠯ᠎ᠠ ᠪᠠᠷ ᠮᠡᠳᠡᠭᠡᠯᠡᠯ ᠥᠭᠳᠡᠭ ᠢᠶᠡᠷ ᠢᠶᠡᠨ ᠴᠢᠬᠤᠯᠠ ᠠᠴᠢ ᠬᠣᠯᠪᠣᠭᠳᠠᠯ ᠲᠠᠢ ᠶᠤᠮ᠃ ᠠᠶᠠᠨ ᠤ ᠪᠡᠯᠡᠳᠬᠡᠯ ᠠᠵᠢᠯ ᠢ ᠨᠢᠭᠡ ᠰᠠᠷ᠎ᠠ ᠶᠢᠨ ᠬᠤᠭᠤᠴᠠᠭᠠᠨ ᠳᠤ ᠬᠠᠩᠭᠠᠭᠰᠠᠨ ᠪᠥᠭᠡᠳ ᠠᠶᠢᠮᠠᠭ᠂ ᠨᠡᠶᠢᠰᠯᠡᠯ᠂ ᠳᠡᠭᠦᠷᠭᠡ ᠶᠢᠨ ᠨᠠᠮ ᠤᠨ ᠳᠠᠷᠤᠭ᠎ᠠ᠂ ᠦᠨᠳᠦᠰᠦᠨ ᠦ ᠪᠣᠳᠣᠯᠭ᠎ᠠ ᠶᠢᠨ ᠬᠣᠷᠢᠶᠠᠨ ᠤ ᠭᠡᠰᠢᠭᠦᠳ ᠲᠦ ᠵᠣᠷᠢᠭᠤᠯᠤᠭᠰᠠᠨ ᠰᠤᠷᠭᠠᠯᠲᠠ᠂ ᠰᠧᠮᠢᠨᠠᠷ ᠢ ᠵᠣᠬᠢᠶᠠᠨ ᠪᠠᠶᠢᠭᠤᠯᠵᠤ᠂ ᠱᠠᠭᠠᠷᠳᠠᠯᠭ᠎ᠠ ᠲᠠᠢ ᠭᠠᠷ ᠤᠨ ᠠᠪᠤᠯᠭ᠎ᠠ ᠪᠠᠷ ᠬᠠᠩᠭᠠᠵᠠᠢ᠃
ᠠᠷᠠᠳᠴᠢᠯᠠᠭᠰᠠᠨ ᠨᠠᠮ ᠤᠨ ᠭᠡᠰᠢᠭᠦᠳ ᠨᠢᠭᠡ ᠰᠠᠷ᠎ᠠ ᠶᠢᠨ ᠬᠤᠭᠤᠴᠠᠭᠠᠨ ᠳᠤ ᠮᠣᠩᠭᠣᠯ ᠤᠯᠤᠰ ᠤᠨ ᠥᠨᠴᠥᠭ ᠪᠤᠯᠤᠩ ᠪᠦᠷᠢ ᠳᠦ ᠬᠦᠷᠴᠦ ᠠᠵᠢᠯᠯᠠᠬᠤ ᠶᠢᠨ ᠵᠡᠷᠭᠡᠴᠡᠭᠡ ᠢᠷᠭᠡᠳ ᠡᠴᠡ ᠢᠷᠡᠭᠦᠯᠦᠭᠰᠡᠨ ᠰᠠᠨᠠᠯ᠂ ᠬᠦᠰᠡᠯᠲᠡ᠂ ᠭᠣᠮᠣᠳᠠᠯ ᠢ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ᠂ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠪᠣᠯᠤᠨ ᠬᠣᠯᠪᠣᠭᠳᠠᠬᠤ ᠶᠠᠮᠤᠨ᠂ ᠭᠠᠵᠠᠷ ᠤᠳ ᠲᠤ ᠨᠢᠭᠡᠳᠦᠭᠰᠡᠨ ᠪᠠᠶᠢᠳᠠᠯ ᠢᠶᠠᠷ ᠬᠦᠷᠭᠡᠭᠦᠯᠬᠦ ᠶᠤᠮ᠃ ᠡᠮᠦᠨ᠎ᠡ ᠨᠢ ᠠᠮᠵᠢᠯᠲᠠᠲᠠᠢ ᠬᠡᠷᠡᠭᠵᠢᠭᠰᠡᠨ 《ᠮᠣᠩᠭᠣᠯ ᠢᠶᠠᠨ ᠰᠣᠨᠣᠰᠤᠶ᠎ᠠ》 ᠠᠶᠠᠨ ᠤ ᠬᠦᠷᠢᠶᠡᠨ ᠳᠦ ᠢᠷᠡᠭᠦᠯᠦᠭᠰᠡᠨ ᠰᠠᠨᠠᠯ᠂ ᠬᠦᠰᠡᠯᠲᠡ ᠶᠢᠨ ᠬᠠᠷᠢᠭᠤ ᠶᠢ ᠡᠨᠡ ᠦᠶ᠎ᠡ ᠪᠡᠷ ᠮᠥᠨ ᠢᠷᠭᠡᠳ ᠲᠦ ᠲᠠᠨᠢᠯᠴᠠᠭᠤᠯᠬᠤ ᠠᠵᠠᠢ ᠃