ᠥᠨᠥᠳᠥᠷ ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ ᠬᠦᠷᠡᠯᠰᠦ᠋ᠬᠡ ᠶᠢᠨ ᠬᠡᠪᠯᠡᠯ ᠦᠨ ᠲᠥᠯᠥᠭᠡᠯᠡᠭᠴᠢ ᠥ᠊∙ᠵᠣᠯᠪᠠᠶᠠᠷ ᠵᠢᠵᠢᠭ ᠳᠤᠮᠳᠠ ᠦᠢᠯᠡᠳᠪᠦᠷᠢᠯᠡᠯ ᠢ ᠬᠥᠭᠵᠢᠭᠦᠯᠬᠦ ᠰᠠᠩ ᠲᠠᠢ ᠬᠣᠯᠪᠣᠭᠠᠲᠠᠢ ᠪᠠᠷ ᠨᠢᠴᠤᠭᠠᠯᠲᠠ ᠬᠢᠯ᠎ᠡ᠃ ᠲᠡᠷᠡ᠄ ᠶᠡᠷᠦᠩᠬᠡᠢ ᠰᠠᠶᠢᠳ ᠵᠢᠵᠢᠭ ᠳᠤᠮᠳᠠ ᠦᠢᠯᠡᠳᠪᠦᠷᠢᠯᠡᠯ ᠢ ᠬᠥᠭᠵᠢᠭᠦᠯᠬᠦ ᠰᠠᠩ ᠠᠴᠠ ᠵᠢᠭᠡᠯᠡ ᠠᠪᠤᠭᠰᠠᠨ ᠤᠯᠤᠰ ᠤᠨ ᠶᠡᠬᠡ ᠬᠤᠷᠠᠯ ᠤᠨ ᠭᠡᠰᠢᠭᠦᠳ᠂ ᠵᠠᠰᠠᠭ ᠤᠨ ᠭᠠᠵᠠᠷ ᠤᠨ ᠭᠡᠰᠢᠭᠦᠳ ᠢ ᠦᠮᠦᠭᠡᠷᠡᠵᠤ ᠬᠠᠭᠠᠴᠠᠶᠢᠯᠠᠭᠰᠠᠨ ᠪᠠᠶᠢᠷᠢ ᠰᠠᠭᠤᠷᠢ ᠣᠭᠲᠣ ᠢᠯᠡᠷᠬᠡᠶᠢᠯᠡᠵᠦ ᠪᠠᠶᠢᠭ᠎ᠠ ᠦᠭᠡᠢ ᠪᠣᠯᠤᠨ᠎ᠠ᠃
ᠶᠡᠷᠦᠩᠬᠡᠢ ᠰᠠᠶᠢᠳ ᠵᠢᠵᠢᠭ ᠳᠤᠮᠳᠠ ᠦᠢᠯᠡᠳᠪᠦᠷᠢᠯᠡᠯ ᠢ ᠬᠥᠭᠵᠢᠭᠦᠯᠬᠦ ᠰᠠᠩ ᠪᠣᠯᠤᠨ ᠵᠠᠰᠠᠭ ᠤᠨ ᠭᠠᠵᠠᠷ ᠤᠨ ᠪᠤᠰᠤᠳ ᠰᠠᠩ ᠤᠨ ᠵᠠᠷᠤᠴᠠᠭᠤᠯᠤᠯᠲᠠ ᠶᠢ ᠰᠢᠯᠭᠠᠬᠤ ᠡᠭᠦᠷᠭᠡ ᠶᠢ ᠵᠠᠰᠠᠭ ᠤᠨ ᠭᠠᠵᠠᠷ ᠤᠨ 2018 ᠣᠨ ᠤ 10 ᠳ᠋ᠤᠭᠠᠷ ᠰᠠᠷ᠎ᠠ ᠶᠢᠨ 10 ᠤ ᠡᠳᠦᠷ ᠦᠨ ᠬᠤᠷᠠᠯᠳᠤᠭᠠᠨ ᠳᠡᠭᠡᠷ᠎ᠡ ᠰᠠᠩ ᠤᠨ ᠰᠠᠶᠢᠳ ᠴ∙ᠬᠦᠷᠡᠯᠪᠠᠭᠠᠲᠤᠷ ᠲᠤ ᠥᠭᠭᠦᠭᠰᠡᠨ ᠦ ᠳᠠᠭᠠᠤ ᠰᠢᠯᠭᠠᠯᠲᠠ ᠶᠠᠪᠤᠭᠤᠯᠵᠤ ᠪᠠᠶᠢᠨ᠎ᠠ᠃ ᠲᠡᠭᠦᠨᠴᠢᠯᠡᠨ ᠶᠡᠷᠦᠩᠬᠡᠢ ᠰᠠᠶᠢᠳ ᠤᠯᠤᠰ ᠤᠨ ᠶᠡᠬᠡ ᠬᠤᠷᠠᠯ ᠤᠨ ᠴᠢᠭᠤᠯᠭᠠᠨ ᠤ 2018 ᠣᠨ ᠤ 11 ᠳ᠋ᠤᠭᠡᠷ ᠰᠠᠷ᠎ᠠ ᠶᠢᠨ 06 ᠍ ᠤ ᠡᠳᠦᠷ ᠦᠨ ᠨᠢᠭᠡᠳᠦᠭᠰᠡᠨ ᠬᠤᠷᠠᠯᠳᠤᠭᠠᠨ ᠳᠡᠭᠡᠷ᠎ᠡ ᠵᠢᠵᠢᠭ ᠳᠤᠮᠳᠠ ᠦᠢᠯᠡᠳᠪᠦᠷᠢᠯᠡᠯ ᠢ ᠬᠥᠭᠵᠢᠭᠦᠯᠬᠦ ᠰᠠᠩ ᠲᠠᠢ ᠨᠡᠷ᠎ᠡ ᠬᠣᠯᠪᠣᠭᠳᠠᠭᠰᠠᠨ ᠭᠡᠰᠢᠭᠦᠳ ᠬᠠᠤᠯᠢ ᠵᠥᠷᠢᠴᠡᠭᠰᠡᠨ ᠡᠰᠡᠬᠦ ᠠᠰᠠᠭᠤᠳᠠᠯ ᠢ ᠬᠠᠤᠯᠢ ᠬᠢᠨᠠᠯᠲᠠ ᠶᠢᠨ ᠪᠠᠶᠢᠭᠤᠯᠤᠯᠭ᠎ᠠ ᠰᠢᠯᠭᠠᠵᠤ ᠲᠣᠭᠲᠠᠭᠠᠬᠤ ᠶᠣᠰᠣᠲᠠᠢ ᠭᠡᠰᠡᠨ ᠪᠠᠶᠢᠷᠢ ᠰᠠᠭᠤᠷᠢ ᠪᠠᠨ ᠢᠯᠡᠷᠬᠡᠶᠢᠯᠡᠭᠰᠡᠨ ᠭᠡᠪᠡ᠃