ᠬᠦᠨᠡᠰᠦ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶᠢᠨ ᠶᠠᠮᠤᠨ ᠠᠴᠠ 2018 ᠣᠨ ᠤ ᠤᠷᠭᠤᠴᠠ ᠬᠤᠷᠢᠶᠠᠯᠲᠠ ᠶᠢᠨ ᠨᠢᠭᠡᠳᠦᠭᠰᠡᠨ ᠳ᠋ᠦᠩ ᠢᠶᠡᠨ ᠵᠠᠰᠠᠭ ᠤᠨ ᠭᠠᠵᠠᠷ ᠲᠤ ᠲᠠᠨᠢᠯᠴᠠᠭᠤᠯᠬᠤ ᠪᠠᠷ ᠠᠵᠢᠯᠯᠠᠵᠤ ᠪᠠᠶᠢᠨ᠎ᠠ᠃ ᠠᠶᠢᠮᠠᠭ᠂ ᠨᠡᠶᠢᠰᠯᠡᠯ ᠡᠴᠡ ᠢᠷᠡᠭᠦᠯᠵᠦ ᠪᠤᠢ ᠮᠡᠳᠡᠭᠡ ᠶᠢ ᠨᠢᠭᠡᠳᠬᠡᠵᠦ᠂ ᠠᠷᠪᠠᠨ ᠨᠢᠭᠡᠳᠦᠭᠡᠷ ᠰᠠᠷ᠎ᠠ ᠶᠢᠨ 20 ᠍ ᠭᠡᠬᠦ ᠳᠦ ᠡᠨᠡ ᠵᠢᠯ ᠤᠷᠭᠤᠴᠠ ᠶᠢᠨ ᠤᠷᠢᠳᠴᠢᠯᠠᠭᠰᠠᠨ ᠪᠯᠠᠨᠰ ᠢᠶᠠᠷ ᠲᠣᠭᠲᠠᠭᠠᠭᠰᠠᠨ ᠤᠷᠭᠤᠴᠠ ᠪᠠᠨ ᠬᠤᠷᠢᠶᠠᠨ ᠠᠪᠤᠭᠰᠠᠨ ᠤᠤ᠂ ᠡᠮᠦᠨᠡᠬᠢ ᠣᠨ ᠠᠴᠠ ᠬᠡᠳᠦᠨ ᠬᠤᠪᠢ ᠪᠠᠷ ᠥᠰᠦᠭᠰᠡᠨ ᠨᠢ ᠲᠣᠳᠣᠷᠬᠠᠢ ᠪᠣᠯᠤᠨ᠎ᠠ᠃ ᠣᠳᠣ ᠶᠢᠨ ᠪᠠᠶᠢᠳᠠᠯ ᠢᠶᠠᠷ ᠡᠨᠡ ᠣᠨ ᠤ ᠤᠷᠭᠤᠴᠠ ᠠᠴᠠ ᠭᠤᠯᠢᠷ ᠤᠨ ᠦᠢᠯᠡᠳᠪᠦᠷᠢ ᠨᠦᠭᠦᠳ ᠲᠦ 230 ᠮᠢᠩᠭᠠᠨ ᠲᠣᠨ ᠪᠤᠭᠤᠳᠠᠢ ᠨᠡᠶᠢᠯᠡᠭᠦᠯᠦᠭᠡᠳ ᠪᠠᠶᠢᠨ᠎ᠠ᠃ 2017 ᠣᠨ ᠳᠤ 118 ᠮᠢᠩᠭᠠᠨ ᠲᠣᠨ ᠪᠤᠭᠤᠳᠠᠢ ᠶᠢ ᠭᠤᠯᠢᠷ ᠤᠨ ᠦᠢᠯᠡᠳᠪᠦᠷᠢ ᠨᠦᠭᠦᠳ ᠲᠦ ᠨᠡᠶᠢᠯᠡᠭᠦᠯᠵᠦ ᠪᠠᠶᠢᠴᠠᠢ᠃