ᠤᠯᠤᠰ ᠤᠨ ᠬᠡᠮᠵᠢᠶᠡᠨ ᠳᠦ 2018-2019 ᠣᠨ ᠤ ᠡᠪᠦᠯ ᠨᠡᠶᠢᠲᠡ ᠮᠠᠯ ᠤᠨ 17.9 ᠬᠤᠪᠢ ᠪᠤᠶᠤ 15.1 ᠰᠠᠶ᠎ᠠ ᠮᠠᠯ ᠢ ᠡᠳ᠋ ᠍ ᠦᠨ ᠵᠠᠰᠠᠭ ᠤᠨ ᠡᠷᠭᠢᠯᠲᠡ ᠳᠦ ᠣᠷᠣᠭᠤᠯᠬᠤ ᠪᠠᠷ ᠲᠥᠯᠥᠪᠯᠡᠵᠡᠢ᠃ ᠳᠣᠲᠣᠭᠠᠳᠤ ᠶᠢᠨ ᠬᠡᠷᠡᠭᠴᠡᠭᠡᠨ ᠳᠦ 5.5 ᠰᠠᠶ᠎ᠠ᠂ ᠵᠠᠬ᠎ᠠ ᠵᠡᠭᠡᠯᠢ ᠳᠦ 9.6 ᠰᠠᠶ᠎ᠠ ᠮᠠᠯ ᠢ ᠪᠣᠷᠣᠯᠠᠭᠤᠯᠬᠤ ᠲᠤᠬᠠᠢ ᠰᠠᠨᠠᠯ ᠢᠶᠠᠨ ᠠᠶᠢᠮᠠᠭ᠂ ᠣᠷᠣᠨ ᠨᠤᠲᠤᠭ ᠢᠷᠡᠭᠦᠯᠦᠭᠡᠳ ᠪᠠᠶᠢᠨ᠎ᠠ᠃
ᠮᠠᠨ ᠤ ᠤᠯᠤᠰ ᠲᠤ 52 ᠮᠢᠬ᠎ᠠ ᠪᠣᠯᠪᠠᠰᠤᠷᠠᠭᠤᠯᠬᠤ ᠦᠢᠯᠡᠳᠪᠦᠷᠢ ᠨᠢᠭᠡ ᠬᠣᠨᠣᠭ ᠲᠤ 26.6 ᠮᠢᠩᠭᠠᠨ ᠪᠣᠭ᠂ ᠵᠢᠷᠭᠤᠭᠠᠨ ᠮᠢᠩᠭᠠᠨ ᠪᠣᠳᠠ ᠮᠠᠯ ᠨᠢᠳᠤᠯᠬᠤ ᠬᠦᠴᠦᠨ ᠴᠢᠳᠠᠯ ᠲᠠᠢ ᠃ ᠮᠢᠬᠠᠨ ᠤ ᠦᠢᠯᠡᠳᠪᠦᠷᠢ ᠨᠦᠭᠦᠳ ᠮᠠᠯ ᠤᠨ ᠲᠠᠷᠭᠤ ᠬᠦᠴᠦ᠂ ᠮᠠᠯᠴᠢᠳ ᠤᠨ ᠮᠠᠯ ᠢᠶᠠᠨ ᠬᠤᠳᠠᠯᠳᠤᠬᠤ ᠤᠯᠠᠷᠢᠯ ᠵᠡᠷᠭᠡ ᠡᠴᠡ ᠬᠠᠮᠢᠶᠠᠷᠤᠨ ᠵᠥᠪᠬᠡᠨ ᠨᠠᠮᠤᠷ᠂ ᠡᠪᠦᠯ ᠦᠨ 130 ᠭᠠᠷᠤᠢ ᠬᠣᠨᠣᠭ ᠲᠤ ᠦᠢᠯᠡ ᠠᠵᠢᠯᠯᠠᠭ᠎ᠠ ᠪᠠᠨ ᠶᠠᠪᠤᠭᠤᠯᠳᠠᠭ᠃ ᠡᠭᠦᠨ ᠢ ᠲᠣᠭᠠᠴᠠᠵᠤ ᠦᠵᠡᠪᠡᠯ᠂ ᠮᠠᠨ ᠤ ᠤᠯᠤᠰ ᠤᠨ ᠮᠢᠬᠠᠨ ᠤ ᠦᠢᠯᠡᠳᠪᠦᠷᠢ ᠨᠦᠭᠦᠳ ᠲᠦ ᠨᠡᠶᠢᠲᠡ ᠳᠦ ᠪᠡᠨ 790.4 ᠮᠢᠩᠭᠠᠨ ᠪᠣᠳᠠ᠂ 3-4 ᠰᠠᠶ᠎ᠠ ᠪᠣᠭ᠂ ᠪᠦᠭᠦᠳᠡ 4.2 ᠰᠠᠶ᠎ᠠ ᠲᠣᠯᠣᠭᠠᠢ ᠮᠠᠯ ᠢ ᠦᠢᠯᠡᠳᠪᠦᠷᠢ ᠶᠢᠨ ᠠᠷᠭ᠎ᠠ ᠪᠠᠷ ᠨᠢᠳᠤᠯᠵᠤ᠂ ᠪᠡᠯᠡᠳᠬᠡᠬᠦ ᠪᠣᠯᠤᠮᠵᠢ ᠪᠠᠶᠢᠭ᠎ᠠ ᠶᠤᠮ᠃