ᠬᠥᠪᠰᠥᠭᠥᠯ ᠠᠶᠢᠮᠠᠭ ᠲᠤ ᠠᠵᠤ ᠦᠢᠯᠡᠳᠪᠦᠷᠢ ᠶᠢᠨ ᠭᠠᠵᠠᠷ ᠤᠳ ᠡᠨᠡ ᠣᠨ ᠤ 10 ᠰᠠᠷ᠎ᠠ ᠶᠢᠨ ᠪᠠᠶᠢᠳᠠᠯ ᠢᠶᠠᠷ 20.8 ᠲᠡᠷᠪᠤᠮ ᠲᠥᠭᠥᠷᠢᠭ ᠦᠨ ᠪᠦᠲᠦᠭᠡᠭᠳᠡᠬᠦᠨ ᠦᠢᠯᠡᠳᠪᠦᠷᠢᠯᠡᠵᠦ᠂17.6 ᠲᠡᠷᠪᠤᠮ ᠲᠥᠭᠥᠷᠢᠭ ᠦᠨ ᠪᠦᠲᠦᠭᠡᠭᠳᠡᠬᠦᠨ ᠪᠣᠷᠣᠯᠠᠭᠤᠯᠤᠭᠰᠠᠨ ᠨᠢ ᠡᠮᠦᠨᠡᠬᠢ ᠣᠨ ᠤ ᠮᠥᠨ ᠦᠶ᠎ᠡ ᠡᠴᠡ ᠨᠡᠶᠢᠲᠡ ᠪᠦᠲᠦᠭᠡᠭᠳᠡᠬᠦᠨ ᠦᠢᠯᠡᠳᠪᠦᠷᠢᠯᠡᠯ 96.2 ᠬᠤᠪᠢ ᠪᠠᠷ᠂ ᠪᠦᠲᠦᠭᠡᠭᠳᠡᠬᠦᠨ ᠦ ᠪᠣᠷᠣᠯᠠᠭᠤᠯᠤᠯᠲᠠ 81.4 ᠬᠤᠪᠢ ᠪᠠᠷ ᠲᠤᠰ ᠲᠤᠰ ᠥᠰᠦᠭᠰᠡᠨ ᠪᠠᠶᠢᠨ᠎ᠠ᠃ ᠬᠠᠷᠢᠨ ᠠᠶᠢᠮᠠᠭ ᠤᠨ ᠲᠥᠰᠥᠪ ᠦᠨ ᠣᠷᠣᠯᠭ᠎ᠠ 86.2 ᠲᠡᠷᠪᠤᠮ᠂ ᠵᠠᠷᠤᠯᠭ᠎ᠠ 80.3 ᠲᠡᠷᠪᠤᠮ ᠲᠥᠭᠥᠷᠢᠭ ᠪᠣᠯᠵᠤ᠂ ᠡᠮᠦᠨᠡᠬᠢ ᠣᠨ ᠠᠴᠠ ᠣᠷᠣᠯᠭ᠎ᠠ 13.1 ᠬᠤᠪᠢ᠂ ᠵᠠᠷᠤᠯᠭ᠎ᠠ 15.7 ᠬᠤᠪᠢ ᠪᠠᠷ ᠥᠰᠴᠠᠢ᠃ ᠮᠥᠨ ᠠᠶᠢᠮᠠᠭ ᠤᠨ ᠲᠠᠲᠠᠪᠤᠷᠢ ᠶᠢᠨ ᠣᠷᠣᠯᠭ᠎ᠠ 13.1 ᠲᠡᠷᠪᠤᠮ ᠳᠤ ᠬᠦᠷᠴᠦ᠂ ᠡᠮᠦᠨᠡᠬᠢ ᠣᠨ ᠤ ᠮᠥᠨ ᠦᠶ᠎ᠡ ᠡᠴᠡ 1.5 ᠬᠤᠪᠢ ᠪᠠᠷ ᠥᠰᠦᠭᠰᠡᠨ ᠪᠥᠭᠡᠳ ᠠᠶᠢᠮᠠᠭ ᠤᠨ ᠲᠥᠰᠥᠪ ᠦᠨ ᠥᠷᠢ 1.1 ᠲᠡᠷᠪᠤᠮ ᠲᠥᠭᠥᠷᠢᠭ᠂ ᠠᠪᠤᠯᠭ᠎ᠠ 5.4 ᠲᠡᠷᠪᠤᠮ ᠲᠥᠭᠥᠷᠢᠭ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ ᠥᠷᠢ 2 ᠳᠠᠬᠢᠨ᠂ ᠠᠪᠤᠯᠭ᠎ᠠ 10.2 ᠬᠤᠪᠢ ᠪᠠᠷ ᠲᠤᠰ ᠲᠤᠰ ᠥᠰᠦᠭᠰᠡᠨ ᠭᠡᠳᠡᠭ ᠢ ᠬᠥᠪᠰᠥᠭᠥᠯ ᠠᠶᠢᠮᠠᠭ ᠤᠨ ᠰᠲ᠋ᠠᠲ᠋ᠢᠰᠲ᠋ᠢᠺ ᠤᠨ ᠬᠡᠯᠲᠡᠰ ᠡᠴᠡ ᠮᠡᠳᠡᠭᠡᠯᠡᠯ᠎ᠡ᠃