ᠬᠡᠨᠲᠡᠢ ᠠᠶᠢᠮᠠᠭ ᠤᠨ ᠪᠠᠲᠤᠨᠤᠷᠪᠤ ᠰᠤᠮᠤ ᠶᠢᠨ ᠬᠠᠷᠢᠶᠠᠲᠤ᠂ ᠦᠨᠳᠦᠰᠦᠨ ᠦ ᠪᠥᠬᠡ ᠶᠢᠨ ᠠᠶᠢᠮᠠᠭ ᠤᠨ ᠠᠬᠠᠯᠠᠬᠤ ᠲᠠᠶᠢᠯᠪᠤᠷᠢᠯᠠᠭᠴᠢ᠂ ᠠᠶᠢᠮᠠᠭ ᠤᠨ ᠨᠠᠴᠢᠨ ᠶᠤᠨᠳᠤᠨ ᠤ ᠪᠠᠶᠠᠷᠰᠠᠶᠢᠬᠠᠨ ᠠᠭᠰᠠᠨ ᠤ ᠨᠡᠷᠡᠮᠵᠢᠲᠦ ᠦᠨᠳᠦᠰᠦᠨ ᠦ ᠪᠥᠬᠡ ᠶᠢᠨ ᠲᠠᠶᠢᠯᠪᠤᠷᠢᠯᠠᠭᠴᠢᠳ ᠤᠨ ᠤᠷ᠎ᠠ ᠴᠢᠳᠠᠪᠤᠷᠢ ᠶᠢᠨ ᠤᠯᠤᠰ ᠤᠨ ᠵᠢᠷᠭᠤᠳᠤᠭᠠᠷ ᠲᠡᠮᠡᠴᠡᠭᠡᠨ ᠴᠢᠩᠭᠢᠰ ᠬᠤᠲᠠᠨ᠎ᠠ ᠪᠣᠯᠤᠯ᠎ᠠ᠃ ᠲᠡᠮᠡᠴᠡᠭᠡᠨ ᠳᠦ ᠮᠣᠩᠭᠣᠯ ᠤᠯᠤᠰ ᠤᠨ 20 ᠠᠶᠢᠮᠠᠭ᠂ ᠨᠡᠶᠢᠰᠯᠡᠯ ᠦᠨ ᠶᠢᠰᠦᠨ ᠳᠡᠭᠦᠷᠭᠡ ᠡᠴᠡ ᠨᠡᠶᠢᠲᠡ 40 ᠪᠥᠬᠡ ᠲᠠᠶᠢᠯᠪᠤᠷᠢᠯᠠᠭᠴᠢ ᠬᠦᠷᠦᠯᠴᠡᠨ ᠢᠷᠡᠵᠦ᠂ ᠬᠣᠶᠠᠷ ᠡᠳᠦᠷ ᠦᠨ ᠲᠤᠷᠰᠢ ᠣᠶᠤᠨ ᠤᠬᠠᠭᠠᠨ᠂ ᠠᠪᠢᠶᠠᠰ ᠴᠢᠳᠠᠪᠤᠷᠢ ᠪᠠᠨ ᠰᠣᠷᠢᠨ ᠥᠷᠢᠰᠦᠯᠳᠦᠭᠰᠡᠨ ᠶᠤᠮ᠃ ᠲᠡᠮᠡᠴᠡᠭᠡᠨ ᠦ ᠲᠡᠷᠢᠭᠦᠨ ᠪᠠᠶᠢᠷᠢᠨ ᠳᠤ ᠥᠪᠦᠷᠬᠠᠩᠭᠠᠢ ᠠᠶᠢᠮᠠᠭ ᠤᠨ ᠪᠦᠷᠢᠳᠦ ᠰᠤᠮᠤ ᠶᠢᠨ ᠬᠠᠷᠢᠶᠠᠲᠤ ᠂ ᠪᠥᠬᠡ ᠲᠠᠶᠢᠯᠪᠤᠷᠢᠯᠠᠭᠴᠢ ᠰ ∙ ᠪᠠᠲᠤᠪᠢᠯᠢᠭ᠌᠂ ᠳᠡᠳ᠋ ᠪᠠᠶᠢᠷᠢᠨ ᠳᠤ ᠤᠪᠰᠤ ᠠᠶᠢᠮᠠᠭ ᠤᠨ ᠬᠠᠷᠢᠶᠠᠲᠤ ᠂ ᠪᠥᠬᠡ ᠲᠠᠶᠢᠯᠪᠤᠷᠢᠯᠠᠭᠴᠢ ᠳ∙ᠫᠦᠷᠪᠦᠵᠠᠪ᠂ ᠭᠤᠷᠪᠠᠳᠤᠭᠠᠷ ᠪᠠᠶᠢᠷᠢᠨ ᠳᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠥᠬᠡ ᠲᠠᠶᠢᠯᠪᠤᠷᠢᠯᠠᠭᠴᠢ ᠲ∙ᠴᠡᠴᠡᠨᠲᠤᠩᠭᠠᠯᠠᠭ ᠰᠢᠯᠭᠠᠷᠠᠵᠠᠢ᠃
ᠮᠣᠩᠭᠣᠯ ᠤᠯᠤᠰ ᠤᠨ ᠦᠨᠳᠦᠰᠦᠨ ᠦ ᠪᠥᠬᠡ ᠶᠢᠨ ᠲᠠᠶᠢᠯᠪᠤᠷᠢᠯᠠᠭᠴᠢᠳ ᠤᠨ ᠬᠣᠯᠪᠣᠭ᠎ᠠ 2008 ᠣᠨ ᠳᠤ ᠪᠠᠶᠢᠭᠤᠯᠤᠭᠳᠠᠵᠤ᠂ ᠲᠡᠷᠢᠭᠦᠨ ᠢᠶᠡᠷ ᠨᠢ ᠣᠳᠣ ᠶᠢ ᠬᠦᠷᠲᠡᠯ᠎ᠡ ᠬᠡᠨᠲᠡᠢ ᠠᠶᠢᠮᠠᠭ ᠤᠨ ᠪᠡᠶ᠎ᠡ ᠶᠢᠨ ᠲᠠᠮᠢᠷ ᠰᠫᠤᠷᠲ ᠤᠨ ᠭᠠᠵᠠᠷ ᠤᠨ ᠳᠠᠷᠤᠭ᠎ᠠ ᠼ∙ᠨᠡᠷᠡᠭᠦᠢᠪᠠᠭᠠᠲᠤᠷ ᠠᠵᠢᠯᠯᠠᠵᠤ ᠪᠠᠶᠢᠨ᠎ᠠ᠃