ᠡᠨᠡ ᠰᠠᠷ᠎ᠠ ᠶᠢᠨ 27 ᠍ ᠡᠴᠡ 28 ᠍ ᠳᠦ ᠰᠢᠯᠵᠢᠬᠦ ᠰᠥᠨᠢ ᠴᠠᠭᠳᠠᠭ᠎ᠠ ᠶᠢᠨ ᠶᠡᠷᠦᠩᠬᠡᠢ ᠭᠠᠵᠠᠷ ᠤᠨ ᠳᠡᠷᠭᠡᠳᠡᠬᠢ ᠡᠷᠡᠭᠦᠦ ᠶᠢᠨ ᠴᠠᠭᠳᠠᠭ᠎ᠠ ᠶᠢᠨ ᠠᠯᠪᠠᠨ ᠤ ᠬᠢᠨ ᠬᠠᠨ-ᠠᠭᠤᠯᠠ ᠳᠡᠭᠦᠷᠭᠡ ᠶᠢᠨ ᠨᠤᠲᠤᠭ ᠳᠡᠪᠢᠰᠬᠡᠷ ᠡᠴᠡ ᠬᠠᠷ᠎ᠠ ᠲᠠᠮᠠᠬᠢ ᠬᠡᠷᠡᠭᠯᠡᠭᠰᠡᠨ᠂ ᠬᠤᠳᠠᠯᠳᠤᠨ ᠪᠣᠷᠣᠯᠠᠭᠤᠯᠳᠠᠭ ᠭᠡᠬᠦ 4-5 ᠬᠦᠮᠦᠨ ᠢ ᠦᠢᠯᠡᠳᠦᠯ ᠳᠡᠭᠡᠷ᠎ᠡ ᠨᠢ ᠪᠠᠷᠢᠪᠴᠢᠯᠠᠨ ᠰᠠᠭᠠᠲᠠᠭᠤᠯᠵᠠᠢ᠃
ᠬᠡᠷᠡᠭ ᠦᠨ ᠭᠠᠵᠠᠷ ᠠᠴᠠ ᠡᠳ᠋ ᠮᠥᠷ ᠦᠨ ᠪᠠᠷᠢᠮᠲᠠ ᠪᠠᠷ ᠮᠧᠲ᠋ᠠᠹᠧᠮᠢᠨ ᠪᠤᠶᠤ ᠬᠢᠮᠢ ᠶᠢᠨ ᠠᠷᠭ᠎ᠠ ᠪᠠᠷ ᠭᠠᠷᠭᠠᠵᠤ ᠠᠪᠤᠭᠰᠠᠨ ︽ᠮᠥᠰᠥ︾ ᠭᠡᠬᠦ ᠪᠣᠳᠠᠰ᠂ 18 ᠺᠠᠳ᠋ᠷ ᠭᠡᠷᠡᠯ ᠵᠢᠷᠤᠭ᠂ ᠰᠡᠵᠢᠭᠲᠡᠨ ᠡᠲᠡᠭᠡᠳ ᠦᠳ ᠦᠨ ᠬᠤᠷᠤᠭᠤᠨ ᠤ ᠬᠡ ᠶᠢ ᠪᠡᠬᠢᠵᠢᠭᠦᠯᠦᠨ ᠠᠪᠤᠭᠰᠠᠨ ᠪᠠᠶᠢᠨ᠎ᠠ᠃ ᠲᠡᠭᠦᠨᠴᠢᠯᠡᠨ ᠳᠡᠭᠡᠷᠡᠬᠢ ᠡᠲᠡᠭᠡᠳ ᠦᠳ ᠡᠴᠡ ᠪᠢᠣᠯᠣᠭᠢ ᠶᠢᠨ ᠳᠡᠭᠡᠵᠢ ᠠᠪᠴᠤ ᠰᠢᠨᠵᠢᠯᠡᠬᠦ ᠳᠦ ᠬᠠᠷ᠎ᠠ ᠲᠠᠮᠠᠬᠢ᠂ ᠮᠠᠩᠰᠢᠭᠤᠷᠠᠭᠤᠯᠬᠤ ᠲᠥᠷᠥᠯ ᠦᠨ ᠪᠣᠳᠠᠰ ᠬᠡᠷᠡᠭᠯᠡᠭᠰᠡᠨ ᠨᠢ ᠲᠣᠭᠲᠠᠭᠠᠭᠳᠠᠭᠰᠠᠨ ᠪᠠᠶᠢᠨ᠎ᠠ᠃ ᠪᠦᠯᠦᠭ ᠡᠲᠡᠭᠡᠳ ᠦᠳ ᠦᠨ ᠳᠤᠮᠳᠠ ︽ᠡᠷᠳᠡᠨᠢᠰ ᠮᠣᠩᠭᠣᠯ ︾ ᠲᠥᠷᠥ ᠶᠢᠨ ᠥᠮᠴᠢᠲᠤ ᠬᠤᠪᠢᠴᠠᠭᠠᠲᠤ ᠺᠣᠮᠫᠠᠨᠢ ᠶᠢᠨ ᠮᠡᠷᠭᠡᠵᠢᠯᠲᠡᠨE ᠭᠡᠭᠴᠢ ᠪᠠᠶᠢᠭᠰᠠᠨ ᠪᠥᠭᠡᠳ ᠲᠡᠷᠡ ᠪᠡᠷ ᠬᠠᠷ᠎ᠠ ᠲᠠᠮᠠᠬᠢ ᠬᠡᠷᠡᠭᠯᠡᠭᠰᠡᠨ ᠡᠴᠡ ᠭᠠᠳᠠᠨ᠎ᠠ ᠪᠤᠰᠤᠳ ᠲᠤ ᠬᠤᠳᠠᠯᠳᠤᠨ ᠪᠣᠷᠣᠯᠠᠭᠤᠯᠤᠭᠰᠠᠨ ᠪᠠᠶᠢᠵᠤ ᠪᠣᠯᠵᠣᠰᠢ ᠦᠭᠡᠢ ᠨᠥᠬᠥᠴᠡᠯ ᠪᠠᠶᠢᠳᠠᠯ ᠲᠣᠭᠲᠠᠭᠠᠭᠳᠠᠭᠰᠠᠨ ᠲᠠᠯ᠎ᠠ ᠪᠠᠷ ᠡᠬᠢ ᠰᠤᠷᠪᠤᠯᠵᠢ ᠮᠡᠳᠡᠭᠡᠯᠡᠪᠡ᠃