ᠥᠩᠭᠡᠷᠡᠭᠰᠡᠨ ᠠᠷᠪᠠᠳᠤᠭᠠᠷ ᠰᠠᠷ᠎ᠠ ᠶᠢᠨ 24 ᠍ ᠦ ᠡᠳᠦᠷ ᠬᠠᠨ-ᠠᠭᠤᠯᠠ ᠳᠡᠭᠦᠷᠭᠡ ᠶᠢᠨ ᠠᠷᠪᠠᠨ ᠲᠠᠪᠤᠳᠤᠭᠠᠷ ᠬᠣᠷᠢᠶᠠᠨ ᠤ ᠨᠤᠲᠤᠭ ᠳᠡᠪᠢᠰᠬᠡᠷ KH ᠠᠫᠠᠷᠲ᠋ᠮᠧᠨᠲ ᠬᠣᠲᠠᠬᠠᠨ ᠠᠴᠠ ᠵᠠᠭᠪᠤᠷ ᠡᠮᠦᠰᠦᠭᠴᠢ ᠴ ∙ ᠴᠠᠮᠢᠨ-ᠡᠷᠳᠡᠨᠢ ᠥᠨᠳᠥᠷ ᠡᠴᠡ ᠤᠨᠠᠵᠤ ᠠᠮᠢ ᠪᠠᠨ ᠠᠯᠠᠳᠠᠭᠰᠠᠨ ᠪᠠᠶᠢᠳᠠᠯ ᠲᠠᠢ ᠣᠯᠳᠠᠭᠰᠠᠨ ᠪᠢᠯᠡ᠃ ᠲᠤᠬᠠᠢ ᠶᠢᠨ ᠦᠶ᠎ᠡ ᠳᠦ ᠬᠡᠷᠡᠭ ᠦᠨ ᠭᠠᠵᠠᠷ ᠲᠤ ᠦᠵᠡᠯᠭᠡ ᠰᠢᠯᠭᠠᠯᠲᠠ ᠬᠢᠭᠰᠡᠨ ᠴᠠᠭᠳᠠᠭ᠎ᠠ ᠨᠠᠷ ᠭᠠᠳᠠᠨ᠎ᠠ ᠶᠢᠨ ᠨᠥᠯᠦᠭᠡ ᠦᠭᠡᠢ᠂ ᠠᠮᠢ ᠪᠠᠨ ᠬᠣᠣᠷᠯᠠᠭᠰᠠᠨ ᠪᠠᠶᠢᠵᠤ ᠪᠣᠯᠵᠣᠰᠢ ᠦᠭᠡᠢ ᠭᠡᠰᠡᠨ ᠤᠷᠢᠳᠴᠢᠯᠠᠭᠰᠠᠨ ᠳ᠋ᠦᠩᠨᠡᠯᠲᠡ ᠭᠠᠷᠭᠠᠭᠠᠳ ᠪᠠᠶᠢᠪᠠ᠃
ᠬᠠᠷᠢᠨ ᠠᠷᠤ ᠭᠡᠷ ᠦᠨ ᠬᠢᠨ ᠨᠢ ᠭᠠᠳᠠᠨ᠎ᠠ ᠶᠢᠨ ᠨᠥᠯᠥᠭᠡ ᠲᠡᠢ ᠪᠠᠶᠢᠵᠤ ᠪᠣᠯᠵᠣᠰᠢ ᠦᠭᠡᠢ ᠭᠡᠵᠦ ᠦᠵᠡᠵᠡᠢ᠃ ᠭᠡᠬᠦ ᠳᠦ ᠪᠡᠨ ᠲᠠᠯᠢᠢᠭᠠᠴᠢ ᠶᠢ ᠠᠮᠢ ᠪᠠᠨ ᠬᠣᠣᠷᠯᠠᠭᠰᠠᠨ ᠤᠤ᠂ ᠡᠰᠡᠪᠡᠯ ᠭᠠᠳᠠᠨ᠎ᠠ ᠶᠢᠨ ᠨᠥᠯᠥᠭᠡ ᠲᠡᠢ ᠠᠮᠢ ᠪᠠᠨ ᠠᠯᠳᠠᠭᠰᠠᠨ ᠤᠤ ᠭᠡᠳᠡᠭ ᠢ ᠰᠢᠭᠦᠬᠦ ᠡᠮᠨᠡᠯᠭᠡ ᠶᠢᠨ ᠳ᠋ᠦᠩᠨᠡᠯᠲᠡ ᠪᠡᠷ ᠡᠴᠦᠰᠯᠡᠨ ᠲᠣᠭᠲᠠᠭᠠᠬᠤ ᠶᠤᠮ᠃ ᠢᠩᠭᠢᠭᠡᠳ ᠰᠢᠭᠦᠬᠦ ᠰᠢᠨᠵᠢᠯᠡᠭᠡᠨ ᠦ ᠬᠤᠶᠠᠳᠠᠬᠢ ᠠᠯᠪᠠᠨ ᠶᠣᠰᠣᠨ ᠤ ᠳ᠋ᠦᠩᠨᠡᠯᠲᠡ ᠠᠷᠪᠠᠨ ᠨᠢᠭᠡᠳᠦᠭᠡᠷ ᠰᠠᠷ᠎ᠠ ᠶᠢᠨ 27 ᠍ ᠤ ᠡᠳᠦᠷ ᠭᠠᠷᠤᠭᠰᠠᠨ ᠪᠥᠭᠡᠳ ᠲᠠᠯᠢᠢᠭᠠᠴᠢ ᠶᠢᠨ ᠠᠷᠤ ᠭᠡᠷ ᠦᠨ ᠬᠢᠨ ᠳᠦ ᠲᠠᠨᠢᠯᠴᠠᠭᠤᠯᠵᠠᠢ᠃ ᠳ᠋ᠦᠩᠨᠡᠯᠲᠡ ᠳᠦ ᠲᠠᠯᠢᠢᠭᠠᠴᠢ ᠴ∙ᠴᠠᠮᠢᠨ -ᠡᠷᠳᠡᠨᠢ ᠨᠢ ᠥᠨᠳᠥᠷ ᠡᠴᠡ ᠤᠨᠠᠵᠤ ᠠᠮᠢ ᠪᠠᠨ ᠠᠯᠳᠠᠬᠤ ᠳᠤ ᠭᠠᠳᠠᠨ᠎ᠠ ᠶᠢᠨ ᠨᠥᠯᠥᠭᠡ ᠪᠠᠶᠢᠭ᠎ᠠ ᠦᠭᠡᠢ ᠭᠡᠵᠦ ᠦᠵᠡᠭᠰᠡᠨ ᠪᠠᠶᠢᠬᠤ ᠮᠠᠭᠠᠳᠯᠠᠯ ᠲᠠᠢ ᠪᠠᠶᠢᠭ᠎ᠠ ᠶᠤᠮ᠃
ᠴᠠᠭᠳᠠᠭ᠎ᠠ ᠶᠢᠨ ᠪᠠᠶᠢᠭᠤᠯᠤᠯᠭ᠎ᠠ ᠠᠴᠠ ᠳ᠋ᠦᠩᠨᠡᠯᠲᠡ ᠶᠢᠨ ᠲᠠᠯ᠎ᠠ ᠪᠠᠷ ᠯᠠᠪᠯᠠᠬᠤ ᠳᠤ ︽ᠰᠢᠭᠦᠬᠦ ᠡᠮᠨᠡᠯᠭᠡ ᠶᠢᠨ ᠳ᠋ᠦᠩᠨᠡᠯᠲᠡ ᠶᠢᠨ ᠲᠠᠯ᠎ᠠ ᠪᠠᠷ ᠮᠡᠳᠡᠭᠡᠯᠡᠯ ᠥᠭᠬᠦ ᠪᠣᠯᠤᠮᠵᠢ ᠦᠭᠡᠢ︾ ᠭᠡᠰᠡᠨ ᠶᠤᠮ᠃ ᠬᠠᠷᠢᠨ ᠠᠯᠪᠠᠨ ᠤ ᠡᠬᠢ ᠰᠤᠷᠪᠤᠯᠵᠢ ᠶᠢᠨ ᠮᠡᠳᠡᠭᠡᠯᠡᠯ ᠢᠶᠡᠷ ᠲᠠᠯᠢᠢᠭᠠᠴᠢ ᠶᠢᠨ ᠠᠷᠤ ᠭᠡᠷ ᠦᠨ ᠬᠢᠨ ᠨᠢ ᠴᠠᠭᠳᠠᠭ᠎ᠠ ᠶᠢᠨ ᠪᠠᠶᠢᠭᠤᠯᠤᠯᠭ᠎ᠠ ᠳᠤ ᠡᠷᠭᠦᠳᠡᠯ ᠭᠠᠷᠭᠠᠨ ᠰᠢᠭᠦᠬᠦ ᠡᠮᠨᠡᠯᠭᠡ ᠶᠢᠨ ᠳ᠋ᠦᠩᠨᠡᠯᠲᠡ ᠶᠢᠨ ᠲᠠᠯ᠎ᠠ ᠪᠠᠷ ᠮᠡᠳᠡᠭᠡᠯᠡᠯ ᠭᠠᠷᠭᠠᠬᠤ ᠦᠭᠡᠢ ᠪᠠᠶᠢᠬᠤ ᠶᠢ ᠬᠦᠰᠡᠭᠰᠡᠨ ᠭᠡᠯᠡ᠃
ᠪᠤᠷᠮ᠎ᠠ