ᠥᠴᠥᠭᠡᠳᠦᠷ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠭ∙ᠽᠠᠨᠳᠠᠨᠰᠢᠲᠠᠷ᠎ᠠ᠂ ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠰᠠᠶᠢᠳ ᠳ∙ᠰᠤᠮᠢᠶᠠᠪᠠᠽᠠᠷ ᠨᠠᠷ ᠨᠧᠹᠲ ᠢᠮᠫᠣᠷᠲᠯᠠᠭᠴᠢ ᠪᠣᠯᠤᠨ ᠮᠣᠩᠭᠣᠯ ᠪᠠᠩᠬᠢᠨ ᠤ ᠤᠳᠤᠷᠢᠳᠤᠯᠭ᠎ᠠ ᠨᠤᠭᠤᠳ ᠲᠠᠢ ᠠᠭᠤᠯᠵᠠᠵᠠᠢ᠃ ᠠᠭᠤᠯᠵᠠᠯᠲᠠ ᠪᠠᠷ ᠪᠧᠨ᠋ᠽᠢᠨ ᠦ ᠦᠨ᠎ᠡ᠂ ᠳ᠋ᠣᠯᠯᠠᠷ ᠤᠨ ᠬᠠᠩᠰᠢ ᠶᠢ ᠡᠨᠡ ᠰᠠᠷ᠎ᠠ ᠠᠴᠠ ᠡᠬᠢᠯᠡᠨ ᠪᠠᠭᠤᠯᠭᠠᠬᠤ ᠪᠠᠷ ᠪᠣᠯᠵᠠᠢ᠃ ᠲᠣᠳᠣᠷᠠᠭᠤᠯᠪᠠᠯ᠂ ᠢᠷᠡᠬᠦ ᠪᠠᠰᠠᠩ ᠭᠠᠷᠠᠭ ᠠᠴᠠ ᠡᠬᠢᠯᠡᠨ ᠰᠢᠲᠠᠬᠤᠨ ᠤ ᠦᠨ᠎ᠡ ᠶᠢ 100᠂ ᠡᠨᠡ ᠰᠠᠷ᠎ᠠ ᠶᠢᠨ ᠡᠴᠦᠰ ᠭᠡᠬᠦ ᠳᠦ 200 ᠲᠥᠭᠥᠷᠢᠭ ᠢᠶᠡᠷ ᠪᠠᠭᠤᠷᠠᠭᠤᠯᠤᠨ᠎ᠠ᠃ ᠮᠥᠨ ᠥᠨᠥᠳᠥᠷ ᠡᠴᠡ ᠡᠬᠢᠯᠡᠨ ᠠᠦ᠋ᠲ᠋ᠣ᠋ ᠭᠠᠽ ᠤᠨ ᠦᠨ᠎ᠡ 150 ᠲᠥᠭᠥᠷᠢᠭ ᠢᠶᠠᠷ᠂ ᠳ᠋ᠣᠯᠯᠠᠷ ᠤᠨ ᠬᠠᠩᠰᠢ ᠶᠢ ᠮᠠᠷᠭᠠᠰᠢ ᠠᠴᠠ ᠲᠣᠳᠣᠷᠬᠠᠢ ᠬᠡᠮᠵᠢᠶᠡᠨ ᠳᠦ ᠪᠠᠭᠤᠯᠭᠠᠬᠤ ᠪᠠᠷ ᠪᠣᠯᠵᠠᠢ᠃
ᠡᠨᠡᠬᠦ ᠠᠭᠤᠯᠵᠠᠯᠲᠠ ᠶᠢᠨ ᠦᠶ᠎ᠡ ᠪᠡᠷ ᠭ∙ᠽᠠᠨᠳᠠᠨᠰᠢᠲᠠᠷ᠎ᠠ᠄ ᠤᠯᠤᠰ ᠲᠥᠷᠥ ᠶᠢᠨ ᠵᠣᠷᠢᠯᠭ᠎ᠠ ᠪᠠᠷ ᠦᠨ᠎ᠡ ᠪᠡᠨ ᠪᠠᠭᠤᠷᠠᠭᠤᠯᠬᠤ ᠦᠭᠡᠢ ᠦᠭᠰᠡᠨ ᠬᠤᠤᠪᠢᠯᠳᠤᠭᠰᠠᠨ ᠠᠰᠠᠭᠤᠳᠠᠯ ᠭᠠᠷᠪᠠᠯ ᠰᠢᠭᠤᠳ ᠲᠤᠰᠬᠠᠢ ᠵᠥᠪᠰᠢᠶᠡᠷᠡᠯ ᠢ ᠴᠢᠨᠢ ᠴᠤᠴᠠᠯᠠᠨ᠎ᠠ᠃ ᠳᠡᠯᠡᠬᠡᠢ ᠶᠢᠨ ᠵᠠᠬ᠎ᠠ ᠵᠡᠭᠡᠯᠢ ᠳᠡᠭᠡᠷ᠎ᠡ ᠨᠧᠹᠲ ᠦᠨ ᠦᠨ᠎ᠡ ᠥᠰᠴᠦ ᠪᠠᠶᠢᠬᠤ ᠳᠤ ᠮᠣᠩᠭᠣᠯ ᠳ᠋ᠡᠬᠢ ᠦᠨ᠎ᠡ ᠲᠠᠰᠤᠷᠠᠯᠲᠠ ᠦᠭᠡᠢ ᠥᠰᠦᠭᠰᠡᠨ᠂ ᠣᠳᠣ ᠪᠠᠭᠤᠷᠠᠵᠤ ᠪᠠᠶᠢᠬᠤ ᠦᠶ᠎ᠡ ᠳᠦ ᠵᠠᠬ᠎ᠠ ᠵᠡᠭᠡᠯᠢ ᠶᠢᠨ ᠢᠶᠡᠨ ᠵᠠᠷᠴᠢᠮ ᠢ ᠪᠠᠷᠢᠮᠲᠠᠯᠠᠬᠤ ᠶᠣᠰᠣᠲᠠᠢ ᠭᠡᠵᠡᠢ᠃ ᠬᠠᠷᠢᠨ ᠠᠭᠤᠯᠠ ᠠᠭᠤᠷᠬᠠᠢ᠂ ᠬᠦᠨᠳᠦ ᠦᠢᠯᠡᠳᠪᠦᠷᠢ ᠶᠢᠨ ᠰᠠᠶᠢᠳ ᠳ∙ᠰᠤᠮᠢᠶᠠᠪᠠᠽᠠᠷ ᠄ ᠨᠡᠮᠡᠬᠦ ᠦᠶ᠎ᠡ ᠳᠦ ᠴᠢᠨᠢ ᠳᠠᠭᠤ ᠦᠭᠡᠢ ᠨᠡᠮᠡᠭᠦᠯᠦᠭᠡᠳ ᠯᠠ ᠪᠠᠶᠢᠳᠠᠭ᠂ ᠠᠰᠠᠭᠤᠳᠠᠯ ᠢ ᠴᠢᠨᠢ ᠣᠶᠢᠯᠠᠭᠠᠵᠤ ᠳᠡᠮᠵᠢᠳᠡᠭ᠃ ᠬᠠᠷᠢᠨ ᠦᠨ᠎ᠡ ᠪᠠᠭᠤᠯᠭᠠᠬᠤ ᠭᠡᠬᠦ ᠪᠡᠷ ᠲᠠ ᠨᠠᠷ ᠶᠠᠩᠵᠤ ᠪᠦᠷᠢ ᠶᠢᠨ ᠲᠠᠶᠢᠯᠪᠤᠷᠢ ᠲᠠᠯᠪᠢᠳᠠᠭ ᠬᠡᠮᠡᠵᠡᠢ᠃