ᠨᠡᠶᠢᠰᠯᠡᠯ ᠦᠨ ᠡᠷᠡᠭᠦᠦ ᠶᠢᠨ ᠴᠠᠭᠳᠠᠭ᠎ᠠ ᠶᠢᠨ ᠠᠯᠪᠠᠨ ᠤ ᠵᠣᠬᠢᠶᠠᠨ ᠪᠠᠶᠢᠭᠤᠯᠤᠯᠲᠠ ᠲᠠᠢ ᠪᠦᠯᠦᠭ᠂ ᠬᠦᠮᠦᠨ ᠬᠤᠳᠠᠯᠳᠤᠭᠠᠯᠠᠬᠤ ᠭᠡᠮᠲᠦ ᠬᠡᠷᠡᠭ ᠲᠡᠢ ᠲᠡᠮᠡᠴᠡᠬᠦ ᠬᠡᠯᠲᠡᠰ ᠦᠨ ᠠᠯᠪᠠ ᠬᠠᠭᠠᠭᠴᠢᠳ ᠡᠨᠡ ᠰᠠᠷ᠎ᠠ ᠶᠢᠨ 11 ᠤ ᠡᠳᠦᠷ ᠵᠠᠷᠢᠮ ᠰᠠᠸᠤᠨ ᠨᠤᠭᠤᠳ ᠲᠤ ᠭᠡᠨᠡᠳᠲᠡ ᠶᠢᠨ ᠰᠢᠯᠭᠠᠯᠲᠠ ᠶᠢ ᠬᠢᠭᠰᠡᠨ ᠳᠦ ᠲᠠᠪᠤᠨ ᠭᠠᠵᠠᠷ ᠲᠤ 18-28 ᠨᠠᠰᠤᠨ ᠤ ᠡᠷᠬᠢᠯᠡᠭᠰᠡᠨ ᠲᠣᠳᠣᠷᠬᠠᠢ ᠠᠵᠢᠯ ᠦᠭᠡᠢ 15 ᠡᠮᠡᠭᠲᠡᠢ ᠪᠡᠶ᠎ᠡ ᠪᠡᠨ ᠦᠨᠡᠯᠡᠵᠦ ᠪᠠᠶᠢᠭᠰᠠᠨ ᠨᠢ ᠢᠯᠡᠷᠡᠵᠡᠢ᠃ ᠡᠶᠢᠮᠦ ᠡᠴᠡ ᠰᠠᠸᠤᠨ ᠢ ᠪᠡᠶ᠎ᠡ ᠪᠡᠨ ᠦᠨᠡᠯᠡᠬᠦ ᠶᠢ ᠵᠣᠬᠢᠶᠠᠨ ᠪᠠᠶᠢᠭᠤᠯᠤᠭᠰᠠᠨ᠂ ᠣᠷᠣᠨ ᠪᠠᠶᠢᠷᠢ ᠪᠠᠷ ᠬᠠᠩᠭᠠᠵᠤ ᠥᠭᠭᠦᠭᠰᠡᠨ ᠬᠠᠷᠢᠭᠤᠴᠠᠯᠭ᠎ᠠ ᠬᠦᠯᠢᠶᠡᠯᠭᠡᠬᠦ ᠪᠡᠷ ᠰᠢᠯᠭᠠᠯᠲᠠ ᠶᠢᠨ ᠠᠵᠢᠯᠯᠠᠭ᠎ᠠ ᠦᠷᠭᠦᠯᠵᠢᠯᠡᠵᠦ ᠪᠠᠶᠢᠨ᠎ᠠ᠃
ᠮᠥᠨ ᠡᠨᠡ ᠡᠳᠦᠷ ᠴᠠᠭᠳᠠᠭ᠎ᠠ ᠶᠢᠨ ᠶᠡᠷᠦᠩᠬᠡᠢ ᠭᠠᠵᠠᠷ ᠤᠨ ᠬᠠᠷ᠎ᠠ ᠲᠠᠮᠠᠬᠢ ᠲᠠᠢ ᠲᠡᠮᠡᠴᠡᠬᠦ ᠭᠠᠵᠠᠷ ᠤᠨ ᠠᠯᠪᠠ ᠬᠠᠭᠠᠭᠴᠢᠳ ᠮᠣᠩᠭᠣᠯ ᠤᠯᠤᠰ ᠤᠨ ᠬᠢᠯᠢ ᠪᠡᠷ ᠮᠠᠩᠰᠢᠭᠤᠷᠠᠭᠤᠯᠬᠤ ᠪᠣᠳᠠᠰ᠂ ᠰᠡᠳᠬᠢᠴᠡ ᠳᠦ ᠨᠦᠯᠦᠭᠡᠲᠦ ᠡᠮ ᠪᠡᠯᠡᠳᠦᠮᠡᠯ ᠢ ᠣᠷᠣᠭᠤᠯᠵᠤ ᠢᠷᠡᠭᠰᠡᠨ ᠪᠠᠶᠢᠵᠤ ᠪᠣᠯᠵᠣᠰᠢ ᠦᠭᠡᠢ 25 ᠨᠠᠰᠤᠲᠠᠢ ᠡᠷᠡᠭᠲᠡᠢ ᠶᠢ ᠴᠦ ᠴᠠᠭᠳᠠᠨ ᠬᠤᠷᠢᠬᠤ 461 ᠳ᠋ᠤᠭᠡᠷ ᠠᠩᠭᠢ ᠳᠤ ᠴᠠᠭᠳᠠᠨ ᠬᠣᠷᠢᠵᠤ ᠰᠢᠯᠭᠠᠵᠤ ᠪᠠᠶᠢᠨ᠎ᠠ᠃