ᠨᠡᠶᠢᠰᠯᠡᠯ ᠦᠨ ︽ᠲᠥᠷᠥ ᠶᠢᠨ ᠦᠢᠯᠡᠴᠢᠯᠡᠭᠡᠨ ᠦ ᠴᠠᠬᠢᠮ ᠰᠢᠯᠵᠢᠯᠲᠡ︾ ᠲᠥᠰᠥᠯ ᠦᠨ ᠬᠦᠷᠢᠶᠡᠨ ᠳᠦ ᠨᠡᠶᠢᠰᠯᠡᠯ ᠦᠨ ᠨᠤᠲᠤᠭ ᠤᠨ ᠵᠠᠬᠢᠷᠭᠠᠨ ᠤ ᠪᠠᠶᠢᠭᠤᠯᠤᠯᠭ᠎ᠠ ᠨᠤᠭᠤᠳ ᠴᠠᠬᠢᠮ ᠬᠡᠯᠪᠡᠷᠢ ᠪᠡᠷ ᠡᠳᠦᠷ ᠲᠤᠲᠤᠮ ᠤᠨ ᠦᠢᠯᠡ ᠠᠵᠢᠯᠯᠠᠭ᠎ᠠ ᠶᠢ ᠪᠠᠨ ᠶᠠᠪᠤᠭᠤᠯᠬᠤ᠂ ᠢᠷᠭᠡᠳ ᠲᠦ ᠪᠡᠨ ᠲᠥᠷᠥ ᠶᠢᠨ ᠦᠢᠯᠡᠴᠢᠯᠡᠭᠡᠨ ᠦ ᠬᠦᠷᠲᠡᠭᠡᠮᠵᠢ ᠶᠢ ᠨᠡᠮᠡᠭᠳᠡᠭᠦᠯᠦᠨ ᠬᠤᠷᠳᠤᠨ ᠰᠢᠭᠤᠷᠬᠠᠢ᠂ ᠣᠷᠣᠨ ᠵᠠᠢ᠂ ᠴᠠᠭ ᠬᠤᠭᠤᠴᠠᠭᠠᠨ ᠠᠴᠠ ᠦᠯᠦ ᠬᠠᠮᠢᠶᠠᠷᠤᠭᠰᠠᠨ ᠦᠢᠯᠡᠴᠢᠯᠡᠭᠡ ᠶᠢ ᠦᠵᠡᠭᠦᠯᠬᠦ ᠪᠣᠯᠤᠮᠵᠢ ᠶᠢ ᠪᠦᠷᠢᠳᠦᠭᠦᠯᠦᠭᠰᠡᠨ ᠰᠢᠨᠡᠬᠡᠨ ᠪᠦᠲᠦᠭᠡᠭᠳᠡᠬᠦᠨ ᠢ ᠥᠴᠥᠭᠡᠳᠦᠷ ᠲᠠᠨᠢᠯᠴᠠᠭᠤᠯᠤᠯ᠎ᠠ᠃
ᠡᠨᠡ ᠨᠢ ︽ᠲᠥᠷᠥ ᠶᠢᠨ ᠴᠠᠬᠢᠮ ᠦᠢᠯᠡᠴᠢᠯᠡᠭᠡᠨ ᠦ ᠨᠢᠭᠡᠳᠦᠭᠰᠡᠨ ᠫᠤᠷᠲ᠋ᠠᠯ︾ ᠶᠤᠮ᠃ ᠤᠭ Eservice.ulaanbaatar.mn ᠢᠶᠠᠷ ᠲᠥᠷᠥ ᠶᠢᠨ ᠦᠢᠯᠡᠴᠢᠯᠡᠭᠡᠨ ᠦ ᠮᠡᠳᠡᠭᠡ᠂ ᠮᠡᠳᠡᠭᠡᠯᠡᠯ ᠠᠪᠬᠤ᠂ ᠣᠨᠯᠠᠶᠢᠨ ᠢᠶᠠᠷ ᠦᠢᠯᠡᠴᠢᠯᠡᠭᠡᠨ ᠦ ᠬᠦᠰᠡᠯᠲᠡ ᠵᠠᠬᠢᠶᠠᠯᠠᠬᠤ᠂ ᠲᠥᠯᠥᠪᠦᠷᠢ ᠤᠯᠭᠤᠬᠤ᠂ ᠦᠢᠯᠡᠴᠢᠯᠡᠭᠡᠨ ᠦ ᠫᠷᠣᠼᠧᠰᠰ ᠲᠤ ᠬᠢᠨᠠᠯᠲᠠ ᠲᠠᠯᠪᠢᠬᠤ᠂ ᠦᠨᠡᠯᠡᠭᠡ ᠥᠭᠬᠦ ᠵᠡᠷᠭᠡ ᠲᠥᠷᠥ ᠡᠴᠡ ᠦᠵᠡᠭᠦᠯᠵᠦ ᠪᠠᠶᠢᠭ᠎ᠠ ᠣᠯᠠᠨ ᠲᠥᠷᠥᠯ ᠦᠨ ᠦᠢᠯᠡᠴᠢᠯᠡᠭᠡ ᠶᠢ ᠠᠪᠬᠤ ᠪᠣᠯᠤᠯᠴᠠᠭ᠎ᠠ ᠲᠠᠢ ᠶᠤᠮ᠃ ᠨᠡᠶᠢᠰᠯᠡᠯ ᠦᠨ 5 ᠪᠠᠶᠢᠭᠤᠯᠤᠯᠭ᠎ᠠ ᠶᠢᠨ 47 ᠲᠥᠷᠥᠯ ᠦᠨ ᠲᠥᠷᠥ ᠶᠢᠨ ᠦᠢᠯᠡᠴᠢᠯᠡᠭᠡ ᠶᠢ ᠬᠦᠨᠳᠦᠷᠡᠯ ᠴᠢᠷᠦᠭᠳᠡᠯ ᠦᠭᠡᠢ ᠭᠠᠷ ᠤᠲᠠᠰᠤᠨ ᠠᠴᠠ ᠪᠠᠨ᠂ ᠭᠡᠷ ᠡᠴᠡ ᠪᠡᠨ ᠠᠪᠬᠤ ᠪᠤᠯᠤᠮᠵᠢ ᠡᠶᠢᠨ ᠪᠦᠷᠢᠳᠴᠦ ᠪᠠᠶᠢᠨ᠎ᠠ ᠃