ᠮᠣᠩᠭᠣᠯ ᠪᠠᠩᠭᠢ ᠸᠠᠯᠢᠶᠤᠲ ᠤᠨ ᠵᠠᠬ᠎ᠠ ᠶᠢᠨ ᠳᠡᠳ᠋ ᠪᠦᠲᠦᠴᠡ ᠶᠢ ᠰᠠᠶᠢᠵᠢᠷᠠᠭᠤᠯᠬᠤ᠂ ᠬᠦᠷᠲᠡᠭᠡᠮᠵᠢ᠂ ᠮᠡᠳᠡᠭᠡᠯᠡᠯ ᠦᠨ ᠢᠯᠡ ᠲᠣᠳᠣ ᠪᠠᠶᠢᠳᠠᠯ ᠢ ᠨᠡᠮᠡᠭᠳᠡᠭᠦᠯᠬᠦ ᠵᠣᠷᠢᠯᠭ᠎ᠠ ᠪᠠᠷ ᠪᠯᠤᠮᠪᠸᠷᠸᠭ᠌ ᠲᠧᠷᠮᠢᠨᠠᠯ ᠤᠨ ︽ᠪᠠᠩᠬᠢ ᠬᠣᠭᠣᠷᠣᠨᠳᠣ ᠶᠢᠨ ᠸᠠᠯᠢᠶᠤᠲ ᠠᠷᠠᠯᠵᠢᠶᠠᠨ ᠤ ᠴᠠᠬᠢᠮ ᠲᠠᠯᠠᠪᠤᠷ︾ ᠍ ᠢ 2017 ᠣᠨ ᠤ 4 ᠳ᠋ᠤᠭᠡᠷ ᠰᠠᠷ᠎ᠠ ᠳᠤ ᠨᠡᠪᠲᠡᠷᠡᠭᠦᠯᠦᠭᠰᠡᠨ᠃
ᠮᠣᠩᠭᠣᠯ ᠪᠠᠩᠭᠢᠨ ᠣ ᠵᠦᠭ ᠡᠴᠡ ᠪᠠᠩᠬᠢ ᠬᠣᠭᠣᠷᠣᠨᠳᠣ ᠶᠢᠨ ᠸᠠᠯᠢᠶᠤᠲ ᠠᠷᠠᠯᠵᠢᠶᠠᠨ ᠤ ᠴᠠᠬᠢᠮ ᠲᠠᠯᠠᠪᠤᠷ ᠢ ᠳᠣᠲᠣᠭᠠᠳᠤ ᠶᠢᠨ ᠨᠦᠭᠡᠴᠡ ᠳᠦ ᠲᠤᠯᠭᠠᠭᠤᠷᠢᠯᠠᠨ ᠬᠥᠭᠵᠢᠭᠦᠯᠵᠦ᠂ ᠡᠮᠦᠨᠡᠬᠢ ᠲᠠᠯᠠᠪᠤᠷ ᠢ ᠰᠠᠶᠢᠵᠢᠷᠠᠭᠤᠯᠤᠭᠰᠠᠨ ᠪᠥᠭᠡᠳ ᠰᠢᠨ᠎ᠡ ᠴᠠᠬᠢᠮ ᠲᠠᠯᠠᠪᠤᠷ ᠢ 2018 ᠣᠨ ᠤ 12 ᠳ᠋ᠤᠭᠠᠷ ᠰᠠᠷ᠎ᠠ ᠶᠢᠨ 21 ᠡᠴᠡ ᠠᠰᠢᠭᠯᠠᠵᠤ ᠡᠬᠢᠯᠡᠭᠡᠳ ᠪᠠᠶᠢᠨ᠎ᠠ᠃ ᠰᠢᠨᠡᠴᠢᠯᠡᠭᠰᠡᠨ ᠬᠤᠪᠢᠯᠪᠤᠷᠢ ᠶᠢ ᠠᠰᠢᠭᠯᠠᠵᠤ ᠡᠬᠢᠯᠡᠭᠰᠡᠨ ᠢᠶᠡᠷ ᠦᠢᠯᠡ ᠠᠵᠢᠯᠯᠠᠭᠠᠨ ᠤ ᠡᠷᠡᠰᠳᠡᠯ ᠢ ᠪᠠᠭᠤᠷᠠᠭᠤᠯᠵᠤ᠂ ᠮᠡᠳᠡᠭᠡᠯᠡᠯ ᠦᠨ ᠬᠦᠷᠲᠡᠭᠡᠮᠵᠢᠲᠡᠢ ᠪᠠᠶᠢᠳᠠᠯ ᠢ ᠨᠡᠮᠡᠭᠳᠡᠭᠦᠯᠦᠨ ᠳᠣᠲᠣᠭᠠᠳᠤ ᠶᠢᠨ ᠸᠠᠯᠢᠶᠤᠲ ᠠᠷᠠᠯᠵᠢᠶᠠᠨ ᠤ ᠵᠠᠬ᠎ᠠ ᠶᠢᠨ ᠬᠥᠭᠵᠢᠯᠳᠦ ᠴᠢᠬᠤᠯᠠ ᠬᠤᠪᠢ ᠨᠡᠮᠡᠷᠢ ᠤᠷᠤᠭᠤᠯᠬᠤ ᠶᠤᠮ᠃