ᠯ᠂ ᠪᠤᠯᠤᠳ ᠨᠠᠮ ᠠᠴᠠ ᠪᠠᠨ ᠭᠠᠷᠤᠨ᠎ᠠ | News.MN

ᠯ᠂ ᠪᠤᠯᠤᠳ ᠨᠠᠮ ᠠᠴᠠ ᠪᠠᠨ ᠭᠠᠷᠤᠨ᠎ᠠ

ᠤᠯᠤᠰ ᠤᠨ ᠶᠡᠬᠡ ᠬᠤᠷᠠᠯ  ᠦᠨ ᠭᠡᠰᠢᠭᠦᠨ ᠯ∙ᠪᠣᠯᠣᠳ ᠢ ᠠᠷᠠᠳᠴᠢᠯᠠᠭᠰᠠᠨ ᠨᠠᠮ ᠤᠨ ᠳᠦᠷᠢᠮ ᠦᠨ ᠬᠣᠯᠪᠣᠭᠳᠠᠬᠤ ᠵᠢᠭᠠᠯᠲᠠ ᠨᠤᠭᠤᠳ ᠢ ᠵᠥᠷᠢᠴᠡᠭᠰᠡᠨ ᠤᠴᠢᠷ ᠠᠴᠠ ᠳᠥᠷᠪᠡᠨ ᠵᠢᠯ ᠦᠨ ᠬᠤᠭᠤᠴᠠᠭ᠎ᠠ ᠲᠠᠢ ᠪᠠᠷ ᠤᠯᠤᠰ ᠲᠥᠷᠥ ᠶᠢᠨ ᠰᠣᠩᠭᠣᠭᠤᠯᠢ ᠳᠤ ᠤᠷᠤᠯᠴᠠᠬᠤ ᠡᠷᠬᠡ ᠶᠢ ᠨᠢ ᠬᠢᠵᠠᠭᠠᠷᠯᠠᠭᠰᠠᠨ᠃ ᠡᠭᠦᠨ ᠡᠴᠡ ᠡᠭᠦᠳᠦᠨ ᠯ∙ᠪᠣᠯᠣᠳ  ᠨᠠᠮ᠍ ᠤᠨ ᠭᠡᠰᠢᠭᠦᠨᠴᠢᠯᠡᠯ ᠡᠴᠡ ᠲᠠᠲᠠᠭᠠᠯᠵᠠᠬᠤ ᠲᠤᠬᠠᠢ ᠬᠦᠰᠡᠯᠲᠡ ᠪᠡᠨ ᠨᠠᠮ ᠤᠨ ᠳᠠᠷᠤᠭ᠎ᠠ ᠳᠤ ᠪᠠᠨ ᠬᠦᠷᠭᠡᠭᠦᠯᠦᠭᠰᠡᠨ ᠶᠤᠮ᠃ ᠭᠡᠪᠡᠴᠦ ᠥᠨᠥᠳᠥᠷ ᠢ ᠬᠦᠷᠲᠡᠯ᠎ᠡ ᠠᠷᠠᠳᠴᠢᠯᠠᠭᠰᠠᠨ ᠨᠠᠮ ᠤᠨ ᠤᠳᠤᠷᠢᠳᠤᠯᠭ᠎ᠠ ᠲᠣᠳᠣᠷᠬᠠᠢ ᠬᠠᠷᠢᠭᠤᠯᠲᠠ ᠥᠭᠭᠦᠭᠡ ᠦᠭᠡᠢ ᠪᠠᠶᠢᠭ᠎ᠠ ᠠᠵᠠᠢ᠃ ᠡᠶᠢᠮᠦ ᠡᠴᠡ ᠥᠴᠥᠭᠡᠳᠦᠷ ᠲᠡᠷᠡ ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠲᠤ ᠬᠦᠰᠡᠯᠲᠡ ᠭᠠᠷᠭᠠᠭᠰᠠᠨ ᠪᠠᠶᠢᠨ᠎ᠠ᠃ ᠲᠡᠷᠡ ᠥᠪᠡᠷ ᠦᠨ ᠴᠠᠬᠢᠮ ᠬᠠᠭᠤᠳᠠᠰᠤᠨ ᠳᠦ ᠪᠡᠨ ︽ᠮᠢᠨᠦ ᠪᠡᠶ᠎ᠡ ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ  ᠤᠨ ᠪᠦᠯᠦᠭ ᠡᠴᠡ ᠭᠠᠷᠬᠤ ᠬᠦᠰᠡᠯᠲᠡ ᠪᠡᠨ ᠪᠦᠯᠦᠭ ᠦᠨ ᠳᠠᠷᠤᠭ᠎ᠠ ᠳ∙ᠡᠷᠳᠡᠨᠢᠪᠠᠲᠤ ᠳᠤ ᠂ 2018 ᠣᠨ ᠤ 12 ᠰᠠᠷ᠎ᠠ ᠶᠢᠨ 3 ᠍ ᠤ ᠡᠳᠦᠷ᠂ ᠠᠷᠠᠳᠴᠢᠯᠠᠭᠰᠠᠨ ᠨᠠᠮ ᠤᠨ ᠭᠡᠰᠢᠭᠦᠨᠴᠢᠯᠡᠯ ᠡᠴᠡ ᠲᠠᠲᠠᠭᠠᠯᠵᠠᠬᠤ ᠲᠤᠬᠠᠢ  ᠬᠦᠰᠡᠯᠲᠡ ᠪᠡᠨ 2018 ᠣᠨ ᠤ 12 ᠰᠠᠷ᠎ᠠ ᠶᠢᠨ 4 ᠦ ᠡᠳᠦᠷ ᠨᠠᠮ ᠤᠨ ᠳᠠᠷᠤᠭ᠎ᠠ ᠰ∙ᠡᠷᠳᠡᠨᠢ ᠳᠦ ᠲᠤᠰ ᠲᠤᠰ ᠪᠢᠴᠢᠭ ᠢᠶᠡᠷ ᠮᠡᠳᠡᠭᠳᠡᠭᠰᠡᠨ᠃ 30 ᠬᠣᠨᠣᠭ ᠤᠨ ᠳᠣᠲᠣᠷ᠎ᠠ ᠨᠠᠮ ᠠᠴᠠ ᠴᠢᠯᠦᠭᠡᠯᠡᠵᠦ᠂ ᠭᠡᠰᠢᠭᠦᠳ ᠦᠨ ᠪᠦᠷᠢᠳᠬᠡᠯ ᠦᠨ ᠰᠠᠩ ᠠᠴᠠ ᠬᠠᠰᠤᠭ᠎ᠠ ᠦᠭᠡᠢ ᠪᠠᠶᠢᠭ᠎ᠠ ᠲᠤᠯᠠ ᠬᠠᠤᠯᠢ ᠶᠢᠨ ᠳᠠᠭᠠᠤ ᠰᠢᠢᠳᠬᠦ ᠶᠢ ᠬᠦᠰᠡᠯ᠎ᠡ︾ ᠬᠡᠮᠡᠨ ᠪᠢᠴᠢᠵᠡᠢ᠃

ᠰᠡᠳᠬᠢᠭᠳᠡᠯ ᠦᠯᠡᠳᠡᠭᠡᠬᠦ