ᠮᠠᠨ ᠤ ᠤᠯᠤᠰ ᠥᠩᠭᠡᠷᠡᠭᠰᠡᠨ ᠣᠨ ᠳᠤ ᠨᠡᠶᠢᠲᠡ 156 ᠤᠯᠤᠰ ᠲᠠᠢ ᠬᠤᠳᠠᠯᠳᠤᠭ᠎ᠠ ᠬᠢᠵᠦ᠂ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ 12.9 ᠲᠡᠷᠪᠤᠮ ᠳ᠋ᠣᠯᠯᠠᠷ ᠪᠣᠯᠵᠠᠢ᠃ ᠡᠭᠦᠨ ᠡᠴᠡ ᠡᠺᠰᠫᠣᠷᠲ ᠳᠣᠯᠣᠭᠠᠨ ᠲᠡᠷᠪᠤᠮ ᠳ᠋ᠣᠯᠯᠠᠷ᠂ ᠢᠮᠫᠣᠷᠲ 5.9 ᠲᠡᠷᠪᠤᠮ ᠳ᠋ᠣᠯᠯᠠᠷ ᠲᠤ ᠬᠦᠷᠦᠭᠰᠡᠨ ᠪᠠᠶᠢᠨ᠎ᠠ᠃ ᠲᠤᠬᠠᠶᠢᠯᠠᠪᠠᠯ᠂ ᠬᠦᠨᠡᠰᠦᠨ ᠦ ᠪᠦᠲᠦᠭᠡᠭᠳᠡᠬᠦᠨ ᠦ ᠢᠮᠫᠣᠷᠲ ᠭᠡᠬᠦ ᠳᠦ 436.7 ᠰᠠᠶ᠎ᠠ ᠳ᠋ᠣᠯᠯᠠᠷ ᠪᠣᠯᠤᠭᠰᠠᠨ ᠠᠵᠠᠢ ᠃ ᠥᠩᠭᠡᠷᠡᠭᠰᠡᠨ ᠰᠠᠷ᠎ᠠ ᠶᠢᠨ ᠭᠠᠳᠠᠭᠠᠳᠤ ᠬᠤᠳᠠᠯᠳᠤᠭᠠᠨ ᠤ ᠲᠤᠬᠠᠢ ᠮᠡᠳᠡᠭᠡᠯᠡᠯ ᠢᠶᠠᠷ ᠡᠺᠰᠫᠣᠷᠲ 531.0 ᠰᠠᠶ᠎ᠠ ᠳ᠋ᠣᠯᠯᠠᠷ ᠲᠤ᠂ ᠢᠮᠫᠣᠷᠲ 503.5 ᠰᠠᠶ᠎ᠠ ᠳ᠋ᠣᠯᠯᠠᠷ ᠲᠤ ᠬᠦᠷᠴᠦ᠂ ᠡᠮᠦᠨᠡᠬᠢ ᠰᠠᠷ᠎ᠠ ᠠᠴᠠ ᠡᠺᠰᠫᠣᠷᠲ 4.9 ᠰᠠᠶ᠎ᠠ ᠳ᠋ᠣᠯᠯᠠᠷ ᠢᠶᠠᠷ ᠪᠠᠭᠤᠷᠠᠵᠤ᠂ ᠢᠮᠫᠣᠷᠲ 7.5 ᠰᠠᠶ᠎ᠠ ᠳ᠋ᠣᠯᠯᠠᠷ ᠢᠶᠠᠷ ᠥᠰᠴᠠᠢ᠃