ᠰᠠᠷ᠎ᠠ ᠰᠢᠨ᠎ᠡ ᠶᠢᠨ ᠡᠳᠦᠷ ᠦᠳ ᠲᠦ ᠴᠠᠭᠳᠠᠭ᠎ᠠ ᠶᠢᠨ ᠪᠠᠶᠢᠭᠤᠯᠤᠯᠭ᠎ᠠ ᠭᠡᠮᠲᠦ ᠬᠡᠷᠡᠭ᠂ ᠵᠥᠷᠢᠴᠡᠯ ᠡᠴᠡ ᠤᠷᠢᠳᠴᠢᠯᠠᠨ ᠰᠡᠷᠭᠡᠶᠢᠯᠡᠬᠦ᠂ ᠣᠯᠠᠨ ᠨᠡᠶᠢᠲᠡ ᠶᠢᠨ ᠪᠣᠯᠤᠨ ᠵᠠᠮ ᠤᠨ ᠬᠥᠳᠡᠯᠭᠡᠭᠡᠨ ᠦ ᠠᠶᠤᠯᠭᠦᠢ ᠪᠠᠶᠢᠳᠠᠯ ᠢ ᠬᠠᠩᠭᠠᠬᠤ ᠴᠢᠭᠯᠡᠯ ᠢᠶᠡᠷ ᠥᠨᠳᠦᠷᠵᠢᠭᠦᠯᠦᠭᠰᠡᠨ ᠪᠡᠯᠡᠨ ᠪᠠᠶᠢᠳᠠᠯ ᠳᠤ ᠠᠵᠢᠯᠯᠠᠭᠰᠠᠨ ᠶᠤᠮ᠃ ᠴᠠᠭᠳᠠᠭ᠎ᠠ ᠶᠢᠨ ᠪᠠᠶᠢᠭᠤᠯᠤᠯᠭ᠎ᠠ ᠠᠴᠠ ᠥᠭᠭᠦᠭᠰᠡᠨ ᠮᠡᠳᠡᠭᠡᠯᠡᠯ ᠢᠶᠡᠷ ᠪᠠᠶᠠᠷ ᠢᠶᠠᠷ ᠣᠷᠣᠨ ᠨᠤᠲᠤᠭ ᠤᠨ ᠵᠠᠮ ᠳᠤ ᠣᠰᠣᠯ᠂ ᠬᠡᠷᠡᠭ 9 ᠤᠳᠠᠭ᠎ᠠ ᠭᠠᠷᠴᠤ᠂ ᠠᠷᠪᠠᠨ ᠬᠦᠮᠦᠨ ᠠᠮᠢ ᠨᠠᠰᠤ ᠪᠠᠨ ᠠᠯᠳᠠᠵᠤ᠂ 11 ᠬᠦᠮᠦᠨ ᠭᠡᠮᠲᠦᠭᠰᠡᠨ ᠦ 5 ᠨᠢ ᠪᠠᠭ᠎ᠠ ᠨᠠᠰᠤᠨ ᠤ ᠬᠡᠦᠬᠡᠳ ᠪᠠᠶᠢᠪᠠ᠃ ᠵᠢᠯᠣᠭᠣᠴᠢ ᠨᠠᠷ ᠬᠤᠷᠳᠤ ᠬᠡᠲᠦᠷᠡᠭᠦᠯᠦᠭᠰᠡᠨ᠂ ᠬᠣᠷᠢᠭᠯᠠᠭᠰᠠᠨ ᠭᠠᠵᠠᠷ ᠭᠦᠢᠴᠡᠵᠤ ᠲᠦᠷᠦᠭᠦᠯᠡᠵᠦ ᠪᠠᠶᠢᠭᠠᠳ ᠣᠰᠣᠯ᠂ ᠬᠡᠷᠡᠭ ᠭᠠᠷᠭᠠᠭᠰᠠᠨ ᠪᠠᠶᠢᠨ᠎ᠠ᠃ ᠨᠡᠶᠢᠰᠯᠡᠯ ᠦᠨ ᠠᠯᠤᠰᠯᠠᠭᠳᠠᠭᠰᠠᠨ ᠭᠤᠷᠪᠠᠨ ᠳᠡᠭᠦᠷᠭᠡ᠂ 21 ᠠᠶᠢᠮᠠᠭ ᠤᠨ ᠤᠯᠤᠰ ᠤᠨ ᠪᠣᠯᠤᠨ ᠣᠷᠣᠨ ᠨᠤᠲᠤᠭ ᠤᠨ ᠴᠢᠨᠠᠷᠲᠠᠢ ᠠᠦ᠋ᠲ᠋ᠣ᠋ ᠵᠠᠮ ᠳᠤ ᠨᠡᠶᠢᠲᠡ 251 ᠠᠯᠪᠠ ᠬᠠᠭᠠᠭᠴᠢ᠂ 45 ᠪᠠᠶᠢᠩᠭᠤ ᠶᠢᠨ ᠬᠢᠨᠠᠯᠲᠠ ᠶᠢᠨ ᠫᠣᠰᠲ ᠪᠣᠯᠤᠨ ᠪᠤᠰᠤᠳ ᠬᠦᠳᠡᠯᠭᠡᠭᠡᠨᠲᠤ ᠂ ᠴᠠᠭ ᠤᠨ ᠬᠢᠨᠠᠯᠲᠠ ᠶᠢᠨ ᠴᠡᠭ ᠦᠳ ᠢᠶᠡᠷ ᠳᠠᠮᠵᠢᠭᠤᠯᠤᠨ ᠬᠢᠨᠠᠯᠲᠠ ᠰᠢᠯᠭᠠᠯᠲᠠ᠂ ᠬᠠᠮᠠᠭᠠᠯᠠᠯᠲᠠ᠂ ᠬᠥᠳᠡᠯᠭᠡᠭᠡᠨ ᠵᠣᠬᠢᠶᠠᠨ ᠪᠠᠶᠢᠭᠤᠯᠤᠯᠲᠠ ᠳᠤ ᠠᠵᠢᠯᠯᠠᠭᠰᠠᠨ ᠪᠠᠶᠢᠨ᠎ᠠ᠃