2019 ᠣᠨ ᠳᠤ ᠰᠡᠯᠡᠩᠭᠡ ᠠᠶᠢᠮᠠᠭ ᠪᠣᠷᠣ ᠭᠦᠷᠦᠭᠡᠰᠦ 30᠂ ᠵᠡᠷᠯᠢᠭ ᠭᠠᠬᠠᠢ 40᠂ ᠵᠢᠭᠠᠰᠤ 1000 ᠰᠢᠷᠬᠡᠭ ᠢ ᠠᠩᠨᠠᠬᠤ᠂ ᠪᠠᠷᠢᠬᠤ ᠶᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠠᠴᠠ ᠵᠦᠪᠰᠢᠶᠡᠷᠡᠵᠡᠢ᠃ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ ᠡᠨᠡ ᠣᠨ ᠤ ᠠᠩᠬᠠᠨ ᠤ ᠬᠤᠷᠠᠯᠳᠤᠭᠠᠨ ᠢᠶᠠᠷ ᠠᠬᠤᠢ ᠶᠢᠨ ᠵᠣᠷᠢᠭᠤᠯᠤᠯᠲᠠ ᠪᠠᠷ 2019 ᠣᠨ ᠳᠤ ᠠᠩᠨᠠᠬᠤ᠂ ᠪᠠᠷᠢᠬᠤ ᠠᠮᠢᠲᠠᠨ ᠤ ᠲᠣᠭ᠎ᠠ ᠬᠡᠮᠵᠢᠶᠡᠨ ᠦ ᠲᠠᠯ᠎ᠠ ᠪᠠᠷ ᠬᠡᠯᠡᠯᠴᠡᠭᠡᠳ ᠳᠡᠭᠡᠷᠡᠬᠢ ᠬᠡᠮᠵᠢᠶ᠎ᠡ ᠶᠢ ᠲᠣᠭᠲᠠᠭᠠᠵᠤ ᠥᠭᠭᠦᠭᠰᠡᠨ ᠪᠠᠶᠢᠨ᠎ᠠ᠃ ᠢᠩᠭᠢᠬᠦ ᠳᠦ ᠪᠡᠨ ᠪᠠᠶᠢᠭᠠᠯᠢ ᠣᠷᠴᠢᠨ ᠢ ᠬᠠᠮᠠᠭᠠᠯᠠᠬᠤ ᠲᠤᠬᠠᠢ ᠪᠣᠯᠤᠨ ᠠᠮᠢᠲᠠᠨ ᠤ ᠲᠤᠬᠠᠢ ᠬᠠᠤᠯᠢ ᠶᠢᠨ ᠵᠢᠭᠠᠯᠲᠠ ᠨᠤᠭᠤᠳ᠂ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠰᠠᠶᠢᠳ ᠤᠨ ᠲᠤᠰᠢᠶᠠᠯ ᠢ ᠲᠤᠰ ᠲᠤᠰ ᠦᠨᠳᠦᠰᠦᠯᠡᠵᠡᠢ᠃ ᠲᠣᠭᠲᠠᠭᠠᠯ ᠳᠤ ᠰᠡᠯᠡᠩᠭᠡ ᠠᠶᠢᠮᠠᠭ ᠤᠨ ᠨᠤᠲᠤᠭ ᠳᠡᠪᠢᠰᠬᠡᠷ ᠡᠴᠡ 2019 ᠣᠨ ᠳᠤ ᠠᠩᠨᠠᠬᠤ ᠠᠮᠢᠲᠠᠨ ᠤ ᠲᠣᠭ᠎ᠠ ᠬᠡᠮᠵᠢᠶᠡᠨ ᠦ ᠳᠡᠭᠡᠳᠦ ᠬᠢᠵᠠᠭᠠᠷ ᠢ ᠰᠤᠮᠤ ᠲᠤᠰ ᠪᠦᠷᠢ ᠪᠡᠷ ᠠᠩᠨᠠᠭᠤᠷ ᠤᠨ ᠪᠥᠰᠡ ᠨᠤᠲᠤᠭ ᠤᠨ ᠬᠠᠮᠲᠤ ᠪᠠᠲᠤᠯᠠᠭᠰᠠᠨ ᠪᠠᠶᠢᠨ᠎ᠠ᠃