ᠪᠥᠬᠡ ᠶᠢᠨ ᠬᠣᠯᠪᠣᠭᠠᠨ ᠤ ᠤᠳᠤᠷᠢᠳᠤᠯᠭ᠎ᠠ ᠶᠢᠨ ᠲᠦᠪᠰᠢᠨ ᠳᠦ ᠭᠠᠷᠤᠭᠰᠠᠨ ᠮᠠᠷᠭᠤᠭᠠᠨ ᠤ ᠤᠯᠠᠮ ᠠᠴᠠ 2018 ᠣᠨ ᠤ ᠳᠥᠷᠪᠡᠳᠦᠭᠡᠷ ᠰᠠᠷ᠎ᠠ ᠠᠴᠠ ᠬᠣᠶᠢᠰᠢ ᠪᠥᠬᠡ ᠶᠢᠨ ᠥᠷᠭᠦᠭᠡᠨ ᠣ ᠦᠢᠯᠡ ᠠᠵᠢᠯᠯᠠᠭ᠎ᠠ ᠶᠢ ᠲᠦᠷ ᠵᠣᠭᠰᠣᠭᠠᠭᠰᠠᠨ᠃ ᠭᠠᠬᠠᠢ ᠵᠢᠯ ᠦᠨ ᠡᠮᠦᠨ᠎ᠡ ᠪᠥᠬᠡᠴᠦᠳ ᠠᠭᠤᠯᠵᠠᠵᠤ᠂ ᠶᠠᠷᠢᠯᠴᠠᠭᠰᠠᠨ ᠤ ᠡᠴᠦᠰ ᠲᠦ ᠥᠷᠭᠥᠭᠡ ᠶᠢ ᠨᠡᠭᠡᠭᠡᠭᠰᠡᠨ ᠶᠤᠮ᠃ ᠦᠢᠯᠡ ᠠᠵᠢᠯᠯᠠᠭ᠎ᠠ ᠨᠢ ᠬᠡᠪ ᠦᠨ ᠪᠤᠯᠤᠭᠰᠠᠨ ᠪᠥᠬᠡ ᠶᠢᠨ ᠥᠷᠭᠦᠭᠡᠨ ᠳᠦ ᠢᠷᠡᠬᠦ ᠭᠤᠷᠪᠠᠳᠤᠭᠠᠷ ᠰᠠᠷ᠎ᠠ ᠶᠢᠨ 1᠍ ᠦ ᠡᠳᠦᠷ ᠡᠬᠡ ᠣᠷᠣᠨᠴᠢᠳ ᠤᠨ ᠡᠳᠦᠷ ᠲᠦ ᠵᠣᠷᠢᠭᠤᠯᠤᠭᠰᠠᠨ ᠤᠯᠤᠰ᠂ ᠠᠶᠢᠮᠠᠭ ᠤᠨ ᠠᠯᠳᠠᠷ ᠴᠣᠯᠠ ᠲᠠᠢ 256 ᠪᠥᠬᠡ ᠪᠠᠷᠢᠯᠳᠤᠬᠤ ᠪᠠᠷ ᠪᠣᠯᠤᠭᠰᠠᠨ ᠪᠠᠶᠢᠨ᠎ᠠ᠃
ᠰᠢᠷᠠᠭᠴᠢᠨ ᠭᠠᠬᠠᠢ ᠵᠢᠯ ᠦᠨ ᠡᠬᠢᠨ ᠦ ᠪᠠᠷᠢᠯᠳᠤᠭᠠᠨ ᠤ ᠪᠦᠷᠢᠳᠬᠡᠯ ᠢ ᠡᠨᠡ ᠰᠠᠷ᠎ᠠ ᠶᠢᠨ 27᠂ 28 ᠍ ᠤ ᠡᠳᠦᠷ ᠦᠳ ᠲᠦ ᠴᠠᠬᠢᠮ ᠢᠶᠠᠷ ᠠᠪᠬᠤ ᠪᠠᠷ ᠪᠣᠯᠵᠠᠢ᠃ ᠰᠠᠨᠠᠭᠤᠯᠬᠤ ᠳᠤ᠂ ᠰᠠᠷ᠎ᠠ ᠰᠢᠨ᠎ᠡ ᠶᠢᠨ ᠪᠠᠶᠠᠷ ᠲᠤ ᠵᠣᠷᠢᠭᠤᠯᠤᠭᠰᠠᠨ ᠪᠥᠬᠡ ᠶᠢᠨ ᠪᠠᠷᠢᠯᠳᠤᠭᠠᠨ ᠡᠨᠡ ᠵᠢᠯ ᠠᠩᠬ᠎ᠠ ᠤᠳᠠᠭ᠎ᠠ ︽ᠪᠤᠶᠠᠨᠲᠤ-ᠬᠤᠸᠠ︾ ᠰᠫᠣᠷᠲ ᠴᠣᠭᠴᠠᠯᠠᠪᠤᠷᠢ ᠳᠤ ᠪᠣᠯᠤᠭᠰᠠᠨ ᠪᠢᠯᠡ᠃