School police ᠡᠶᠡᠷᠭᠦ ᠪᠡᠷ ᠨᠥᠯᠦᠭᠡᠯᠡᠵᠦ ᠪᠠᠶᠢᠨ᠎ᠠ | News.MN

School police ᠡᠶᠡᠷᠭᠦ ᠪᠡᠷ ᠨᠥᠯᠦᠭᠡᠯᠡᠵᠦ ᠪᠠᠶᠢᠨ᠎ᠠ

ᠠᠷᠤᠬᠠᠩᠭᠠᠢ ᠠᠶᠢᠮᠠᠭ ᠤᠨ ᠴᠠᠭᠳᠠᠭ᠎ᠠ ᠶᠢᠨ ᠭᠠᠵᠠᠷ ᠨᠢ ᠠᠶᠢᠮᠠᠭ ᠤᠨ ︽ᠪᠣᠷᠵᠢᠭᠢᠨ︾ ᠬᠡᠦᠬᠡᠯᠳᠡᠢ ᠶᠢᠨ ᠲᠢᠶᠠᠲ᠋ᠷ ᠲᠠᠢ ᠬᠠᠮᠲᠤᠷᠠᠨ ᠬᠡᠦᠬᠡᠯᠳᠡᠢ ᠶᠢᠨ ᠪᠠᠭᠠᠲᠤᠷ ᠤᠨ ᠳᠦᠷᠢ ᠪᠡᠷ School police ᠪᠣᠯᠵᠤ ᠰᠤᠷᠭᠠᠭᠤᠯᠢ ᠶᠢᠨ ᠤᠷᠴᠢᠨ ᠳᠤ ᠡᠷᠭᠢᠭᠦᠯ ᠬᠢᠵᠤ ᠪᠠᠶᠢᠨ᠎ᠠ᠃ ᠡᠨᠡ ᠨᠢ ᠰᠢᠨᠡᠯᠢᠭ ᠠᠵᠢᠯ ᠪᠥᠭᠡᠳ ᠪᠠᠭ᠎ᠠ ᠨᠠᠰᠤᠨ ᠤ ᠬᠡᠦᠬᠡᠳ ᠦᠳ ᠲᠦ ᠡᠶᠡᠷᠭᠦ ᠪᠡᠷ ᠨᠥᠯᠦᠭᠡᠯᠡᠵᠦ᠂ ᠬᠡᠦᠬᠡᠳ ᠦᠳ ᠲᠡᠳᠡᠨ ᠢ ᠬᠠᠷᠠᠨ᠂ ᠳᠠᠭᠠᠨ ᠳᠠᠭᠤᠷᠢᠶᠠᠬᠤ ᠳᠤᠷᠠᠲᠠᠢ᠃ ᠴᠢᠨᠠᠭᠰᠢᠳᠠ ᠴᠤ ᠣᠯᠠᠨ ᠬᠡᠦᠬᠡᠯᠳᠡᠢ ᠪᠠᠭᠠᠲᠤᠷ ᠤᠳ School police ᠪᠣᠯᠬᠤ ᠭᠡᠨ᠎ᠡ᠃
ᠰᠤᠷᠭᠠᠭᠤᠯᠢ ᠶᠢᠨ ᠤᠷᠴᠢᠨ ᠳᠤ ᠬᠡᠦᠬᠡᠳ ᠢ ᠣᠰᠣᠯ ᠭᠡᠮᠲᠦᠯ ᠡᠴᠡ ᠤᠷᠢᠳᠴᠢᠯᠠᠨ ᠰᠡᠷᠭᠡᠶᠢᠯᠡᠬᠦ᠂ ᠠᠯᠢᠪᠠ ᠡᠷᠡᠰᠳᠡᠯ ᠡᠴᠡ ᠬᠠᠮᠠᠭᠠᠯᠠᠬᠤ᠂ ᠡᠴᠢᠭᠡ ᠡᠬᠡ ᠶᠢᠨ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠬᠦ ᠵᠣᠷᠢᠯᠭ᠎ᠠ ᠪᠠᠷ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ 2015 ᠣᠨ ᠤ 09 ᠳ᠋ᠤᠭᠡᠷ ᠰᠠᠷ᠎ᠠ ᠶᠢᠨ 29 ᠦ ᠡᠳᠦᠷ ᠦᠨ 61 ᠳ᠋ᠤᠭᠡᠷ ᠲᠣᠭᠲᠠᠭᠠᠯ ᠢᠶᠠᠷ ᠪᠠᠲᠤᠯᠠᠭᠳᠠᠭᠰᠠᠨ School police ᠡᠴᠢᠭᠡ ᠡᠬᠡ ᠶᠢᠨ ᠡᠷᠭᠢᠭᠦᠯ ᠦᠨ ᠦᠢᠯᠡ ᠠᠵᠢᠯᠯᠠᠭ᠎ᠠ ᠨᠢ ᠪᠠᠶᠢᠩᠭᠤ ᠶᠢᠨ ᠲᠣᠭᠲᠠᠪᠤᠷᠢᠲᠠᠢ ᠶᠠᠪᠤᠭᠳᠠᠵᠤ ᠪᠠᠶᠢᠭ᠎ᠠ᠃ ᠢᠩᠭᠢᠵᠦ ᠠᠵᠢᠯᠯᠠᠭᠰᠠᠨ ᠠᠴᠠ ᠬᠣᠶᠢᠰᠢ ᠰᠤᠷᠭᠠᠭᠤᠯᠢ ᠶᠢᠨ ᠤᠷᠴᠢᠨ ᠳᠤ ᠬᠡᠦᠬᠡᠳ ᠶᠠᠮᠠᠷ ᠨᠢᠭᠡ ᠵᠥᠷᠢᠴᠡᠯ ᠪᠣᠯᠤᠨ ᠠᠦ᠋ᠲ᠋ᠣ᠋ ᠲᠡᠭᠡᠭᠡᠪᠦᠷᠢ ᠶᠢᠨ ᠬᠣᠬᠢᠷᠠᠭᠴᠢ ᠪᠣᠯᠤᠭ᠎ᠠ ᠦᠭᠡᠢ ᠪᠠᠶᠢᠨ᠎ᠠ᠃

ᠰᠡᠳᠬᠢᠭᠳᠡᠯ ᠦᠯᠡᠳᠡᠭᠡᠬᠦ