ᠬᠣᠪᠳᠣ ᠶᠡᠬᠡ ᠰᠤᠷᠭᠠᠭᠤᠯᠢ ᠶᠢᠨ ᠪᠠᠶᠠᠨ-ᠥᠯᠥᠭᠡᠢ ᠠᠶᠢᠮᠠᠭ ᠳᠠᠬᠢ ᠰᠠᠯᠪᠤᠷᠢ ᠰᠤᠷᠭᠠᠭᠤᠯᠢ ᠶᠢᠨ ᠪᠠᠶᠢᠭᠠᠯᠢ ᠨᠡᠶᠢᠭᠡᠮ ᠤᠨ ᠤᠬᠠᠭᠠᠨ ᠤ ᠲᠡᠩᠬᠢᠮ ᠦᠨ ᠪᠠᠭᠰᠢ ᠬ∙ᠳ᠋ᠠᠷᠸᠵᠸ ︽ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ᠍ ᠤᠨ ᠬᠠᠰᠠᠭ ᠦᠨᠳᠦᠰᠦᠲᠡᠨ ᠦ ᠰᠡᠬᠡᠭᠡᠲᠡᠨ ᠲᠥᠯᠥᠪᠰᠢᠨ ᠪᠦᠷᠢᠳᠦᠭᠰᠡᠨ ᠠᠰᠠᠭᠤᠳᠠᠯ︾ ︵1921-1990 ᠣᠨ︶ ᠰᠡᠳᠦᠪ ᠢᠶᠡᠷ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠳᠡᠷᠭᠡᠳᠡᠬᠢ ᠲᠡᠦᠬᠡ ᠠᠨᠲᠷᠣᠫᠣᠯᠣᠭᠢ᠂ ᠠᠷᠬᠧᠣᠯᠣᠭᠢ ᠶᠢᠨ ᠳ᠋ᠣᠺᠲ᠋ᠣᠷ ᠤᠨ ᠠᠵᠢᠯ ᠬᠠᠮᠠᠭᠠᠯᠠᠭᠤᠯᠬᠤ ᠵᠦᠪᠯᠡᠯ ᠳᠦ ᠲᠡᠦᠬᠡ ᠶᠢᠨ ᠤᠬᠠᠭᠠᠨ ᠤ ᠳ᠋ᠣᠺᠲ᠋ᠣᠷ ︵Ph.D︶᠍ ᠤᠨ ᠵᠡᠷᠭᠡ ᠶᠢ ᠡᠨᠡ ᠰᠠᠷ᠎ᠠ ᠶᠢᠨ 22᠍ ᠤ ᠡᠳᠦᠷ ᠠᠮᠵᠢᠯᠲᠠ ᠲᠠᠢ ᠬᠠᠮᠠᠭᠠᠯᠠᠵᠠᠢ᠃ ᠲᠡᠷᠡ ᠪᠡᠷ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠲᠡᠦᠬᠡ ᠶᠢᠨ ᠬᠦᠷᠢᠶᠡᠯᠡᠩ ᠦᠨ ᠡᠷᠳᠡᠮᠲᠡᠨ᠂ ᠨᠠᠷᠢᠨ ᠪᠢᠴᠢᠭ ᠦᠨ ᠳᠠᠷᠤᠭ᠎ᠠ ᠳ᠋ᠣᠺᠲ᠋ᠣᠷ᠂ ᠫᠷᠣᠹᠧᠰᠰᠣᠷ᠂ ᠰᠢᠨᠵᠢᠯᠡᠬᠦ ᠤᠬᠠᠭᠠᠨ ᠤ ᠭᠠᠪᠢᠶᠠᠲᠤ ᠵᠢᠳᠬᠦᠯᠲᠡᠨ ᠨ∙ᠬᠡᠰᠢᠭᠲᠦ ᠶᠢᠨ ᠤᠳᠤᠷᠢᠳᠤᠯᠭ᠎ᠠ ᠳᠣᠣᠷ᠎ᠠ ᠳᠡᠭᠡᠷᠡᠬᠢ ᠡᠷᠳᠡᠮ ᠦᠨ ᠠᠵᠢᠯ ᠢᠶᠠᠨ ᠲᠤᠭᠤᠷᠪᠢᠭᠰᠠᠨ ᠶᠤᠮ ᠃
ᠤᠭ ᠰᠤᠳᠤᠯᠭᠠᠨ ᠤ ᠠᠵᠢᠯ ᠨᠢ ᠮᠣᠩᠭᠣᠯ ᠤᠨ ᠺᠠᠽᠠᠭ ᠤᠳ ᠤᠨ ᠲᠡᠷᠢᠭᠦᠯᠡᠬᠦ ᠲᠥᠯᠥᠭᠡᠯᠡᠭᠴᠢᠳ ᠪᠣᠯᠤᠭᠰᠠᠨ ᠰᠡᠬᠡᠭᠡᠲᠡᠨ ᠨᠦᠭᠦᠳ ᠦᠨ ᠥᠪᠡᠷ ᠦᠨ ᠤᠭᠰᠠᠭᠠᠲᠠᠨ᠂ ᠨᠡᠶᠢᠭᠡᠮ᠂ ᠤᠯᠤᠰ ᠣᠷᠣᠨ ᠤ ᠪᠠᠨ ᠬᠥᠭᠵᠢᠯ ᠳᠡᠪᠰᠢᠯ ᠳᠦ ᠣᠷᠣᠭᠤᠯᠤᠭᠰᠠᠨ ᠬᠤᠪᠢ ᠨᠡᠮᠡᠷᠢ᠂ ᠲᠡᠭᠦᠨᠴᠢᠯᠡᠨ ᠣᠷᠣᠨ ᠨᠤᠲᠤᠭ ᠤᠨ ᠲᠡᠦᠬᠡ᠂ ᠲᠡᠨᠳᠡ ᠠᠮᠢᠳᠤᠷᠠᠨ ᠠᠵᠤ ᠲᠦᠷᠦᠵᠦ ᠪᠤᠢ ᠬᠠᠰᠠᠭ᠂ ᠤᠷᠢᠶᠠᠩᠬᠠᠢ᠂ ᠳᠥᠷᠪᠡᠳ᠂ ᠲᠤᠸᠠ ᠵᠡᠷᠭᠡ ᠣᠯᠠᠨ ᠦᠨᠳᠦᠰᠦᠲᠡᠨ ᠶᠠᠰᠤᠲᠠᠨ ᠤ ᠲᠡᠦᠬᠡ ᠰᠤᠶᠤᠯ ᠢ ᠪᠦᠲᠦᠭᠡᠬᠦ᠂ ᠰᠤᠳᠤᠯᠬᠤ᠂ ᠰᠤᠷᠲᠠᠯᠴᠢᠯᠠᠬᠤ ᠳᠤ ᠲᠤᠰᠠ ᠨᠡᠮᠡᠷᠢ ᠪᠣᠯᠬᠤᠶᠢᠴᠠ ᠠᠰᠠᠭᠤᠳᠠᠯ ᠳᠡᠪᠰᠢᠭᠦᠯᠦᠭᠰᠡᠨ ᠰᠢᠨᠡᠯᠢᠭ ᠬᠡᠯᠪᠡᠷᠢ ᠶᠢᠨ ᠠᠵᠢᠯ ᠪᠣᠯᠤᠭᠰᠠᠨ ᠢ ᠡᠷᠳᠡᠮ ᠦᠨ ᠵᠥᠪᠯᠡᠯ ᠦᠨ ᠭᠡᠰᠢᠭᠦᠳ ᠥᠨᠳᠥᠷ ᠢᠶᠡᠷ ᠦᠨᠡᠯᠡᠭᠰᠡᠨ ᠪᠠᠶᠢᠨ᠎ᠠ᠃