ᠠᠷᠤᠬᠠᠩᠭᠠᠢ ᠠᠶᠢᠮᠠᠭ ᠤᠨ ᠴᠠᠭᠳᠠᠭ᠎ᠠ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠤ ︽ᠰᠣᠶᠣᠨ ᠭᠡᠭᠡᠷᠡᠭᠦᠯᠬᠦ ᠠᠵᠢᠯ ᠵᠣᠬᠢᠶᠠᠬᠤ ᠵᠢᠷᠤᠮ︾᠂ ᠴᠠᠭᠳᠠᠭ᠎ᠠ ᠶᠢᠨ ᠭᠠᠵᠠᠷ ᠤᠨ 2019 ᠣᠨ ᠤ ︽ᠰᠣᠶᠣᠨ ᠭᠡᠭᠡᠷᠡᠭᠦᠯᠬᠦ ᠠᠵᠢᠯ ᠤᠨ ᠲᠥᠯᠥᠪᠯᠡᠭᠡ︾ ᠶᠢᠨ ᠳᠠᠭᠠᠤ ᠠᠯᠪᠠ ᠬᠠᠭᠠᠭᠴᠢᠳ ᠤᠨ ᠳᠤᠮᠳᠠ ︽ᠪᠢ ᠴᠡᠪᠡᠷ ᠪᠢᠴᠢᠭᠲᠡᠨ︾ ᠬᠢᠴᠢᠶᠡᠩᠭᠦᠢ ᠪᠢᠴᠢᠭ ᠦᠨ ᠤᠷᠤᠯᠳᠤᠭᠠᠨ ᠢ ᠵᠣᠬᠢᠶᠠᠨ ᠪᠠᠶᠢᠭᠤᠯᠵᠠᠢ᠃ ᠲᠤᠰ ᠤᠷᠤᠯᠳᠤᠭᠠᠨ ᠨᠢ ᠠᠯᠪᠠ ᠬᠠᠭᠠᠭᠴᠢᠳ ᠤᠨ ᠪᠢᠴᠢᠭ ᠬᠡᠷᠡᠭ ᠦᠨ ᠰᠤᠶᠤᠯ᠂ ᠥᠪᠡᠷ ᠢ ᠪᠡᠨ ᠢᠯᠡᠷᠬᠡᠶᠢᠯᠡᠬᠦ ᠴᠢᠳᠠᠪᠤᠷᠢ᠂ ᠭᠣᠸ᠎ᠠ ᠵᠦᠢ ᠶᠢᠨ ᠮᠡᠳᠡᠯᠭᠡ ᠶᠢ ᠨᠡᠮᠡᠭᠳᠡᠭᠦᠯᠬᠦ ᠳᠦ ᠴᠢᠭᠯᠡᠭᠰᠡᠨ ᠣᠨᠴᠠᠯᠢᠭ ᠲᠠᠢ ᠪᠣᠯᠤᠯ᠎ᠠ᠃ ᠤᠷᠤᠯᠳᠤᠭᠠᠨ ᠳᠤ ᠪᠠᠶᠢᠭᠤᠯᠤᠯᠭ᠎ᠠ ᠶᠢᠨ ᠠᠵᠢᠯᠲᠠᠨ ᠨᠤᠭᠤᠳ ᠠᠴᠠ 40 ᠭᠠᠷᠤᠢ ᠪᠦᠲᠦᠭᠡᠯ ᠢᠷᠡᠭᠰᠡᠨ ᠡᠴᠡ ᠲᠡᠷᠢᠭᠦᠨ ᠪᠠᠶᠢᠷᠢ ᠳᠤ ᠴᠠᠭᠳᠠᠭ᠎ᠠ ᠶᠢᠨ ᠠᠬᠠᠯᠠᠭᠴᠢ ᠲ∙ᠰᠢᠨᠡᠳᠡᠩᠰᠡᠯ᠂ ᠳᠡᠳ᠋ ᠪᠠᠶᠢᠷᠢ ᠳᠤ ᠴᠠᠭᠳᠠᠭ᠎ᠠ ᠶᠢᠨ ᠠᠬᠠᠯᠠᠭᠴᠢ ᠨ∙ᠡᠷᠳᠡᠨᠢᠪᠠᠶᠠᠷ᠂ ᠭᠤᠲᠠᠭᠠᠷ ᠪᠠᠶᠢᠷᠢ ᠳᠤ ᠴᠠᠭᠳᠠᠭ᠎ᠠ ᠶᠢᠨ ᠠᠬᠠᠮᠠᠳ ᠣ᠊∙ᠮᠥᠩᠬᠡᠲᠤᠯᠭ᠎ᠠ᠂ ᠲᠤᠰᠬᠠᠢ ᠪᠠᠶᠢᠷᠢ ᠳᠤ ᠴᠠᠭᠳᠠᠭ᠎ᠠ ᠶᠢᠨ ᠠᠬᠠᠯᠠᠬᠤ ᠳᠡᠰᠯᠡᠭᠴᠢ ᠴ∙ᠰᠡᠮᠵᠢᠳᠮᠠ᠂ ᠦᠢᠯᠡᠴᠢᠯᠡᠭᠴᠢ ᠡ᠊∙ᠰᠠᠷᠠᠭᠤᠯᠲᠤᠶᠠᠭ᠎ᠠ ᠨᠠᠷ ᠤᠨ ᠪᠦᠲᠦᠭᠡᠯ ᠢ ᠰᠢᠯᠭᠠᠷᠠᠭᠤᠯᠵᠠᠢ᠃