ᠥᠪᠥᠷ ᠮᠣᠩᠭᠣᠯ ᠤᠨ ᠣᠯᠠᠨ ᠤᠯᠤᠰ ᠤᠨ ᠪᠡᠶ᠎ᠡ ᠴᠢᠭᠢᠷᠠᠭᠵᠢᠯᠲᠡ ᠶᠢᠨ ᠳᠡᠭᠡᠳᠦ ᠰᠤᠷᠭᠠᠭᠤᠯᠢ᠂ ᠮᠣᠩᠭᠣᠯ ᠤᠨ ᠪᠤᠳᠢᠪᠢᠯᠳᠢᠩ ᠹᠢᠲᠨᠧᠰ ᠤᠨ ᠬᠣᠯᠪᠣᠭ᠎ᠠ ᠲᠠᠢ ᠬᠠᠮᠲᠤᠷᠠᠨ ᠠᠵᠢᠯᠯᠠᠵᠤ ᠡᠬᠢᠯᠡᠭᠰᠡᠨ ᠦ ᠲᠠᠪᠤᠨ ᠵᠢᠯ ᠦᠨ ᠣᠢ ᠶᠢ ᠲᠣᠬᠢᠶᠠᠯᠳᠤᠭᠤᠯᠤᠨ ᠵᠣᠬᠢᠶᠠᠨ ᠪᠠᠶᠢᠭᠤᠯᠵᠤ ᠪᠤᠢ ︽ᠣᠶᠤᠲᠠᠨ ᠤ ᠠᠪᠤᠷᠭᠤ︾ ᠰᠢᠯᠭᠠᠷᠠᠭᠤᠯᠬᠤ ᠣᠯᠠᠨ ᠤᠯᠤᠰ ᠤᠨ ᠨᠡᠭᠡᠭᠡᠯᠲᠡ ᠲᠡᠢ ᠲᠡᠮᠡᠴᠡᠭᠡᠨ ᠢᠷᠡᠬᠦ ᠵᠢᠷᠭᠤᠭᠠᠳᠤᠭᠠᠷ ᠰᠠᠷ᠎ᠠ ᠶᠢᠨ 15 ᠍ ᠳᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠦ ᠵᠣᠬᠢᠶᠠᠨ ᠪᠠᠶᠢᠭᠤᠯᠤᠭᠳᠠᠬᠤ ᠭᠡᠵᠦ ᠪᠠᠶᠢᠨ᠎ᠠ᠃
21 ᠰᠠᠶ᠎ᠠ ᠲᠥᠭᠥᠷᠢᠭ ᠦᠨ ᠱᠠᠩᠨᠠᠯ ᠤᠨ ᠰᠠᠩ ᠲᠠᠢ ︽ᠴᠢᠭᠢᠷᠠᠭ ᠺᠠᠫ-2019︾ ᠲᠡᠮᠡᠴᠡᠭᠡᠨ ᠳᠦ 1994 ᠣᠨ ᠪᠣᠯᠤᠨ ᠲᠡᠭᠦᠨ ᠡᠴᠡ ᠬᠣᠶᠢᠰᠢ ᠲᠦᠷᠦᠭᠰᠡᠨ ᠲᠠᠮᠢᠷᠴᠢᠳ ᠤᠷᠤᠯᠴᠠᠬᠤ ᠪᠣᠯᠤᠮᠵᠢ ᠲᠠᠢ ᠃ ᠮᠥᠨ ᠠᠩᠭᠢᠯᠠᠯ ᠲᠤᠰ ᠪᠦᠷᠢ ᠶᠢᠨ ᠡᠬᠢᠨ ᠦ ᠲᠠᠪᠤᠨ ᠪᠠᠶᠢᠷᠢ ᠳᠤ ᠣᠷᠣᠭᠰᠠᠨ ᠣᠷᠣᠯᠴᠠᠭᠴᠢᠳ ᠹᠢᠨᠠᠯ ᠳᠤ ᠥᠷᠢᠰᠥᠯᠳᠥᠬᠦ ᠡᠷᠬᠡ ᠲᠡᠢ ᠪᠥᠭᠡᠳ ᠹᠢᠨᠠᠯ ᠳᠤ ᠰᠢᠯᠭᠠᠷᠠᠭᠰᠠᠨ 15 ᠲᠠᠮᠢᠷᠴᠢᠨ ᠠᠴᠠ ᠰᠢᠯᠢᠳᠡᠭ 10 ᠲᠠᠮᠢᠷᠴᠢᠨ ᠢ ᠮᠥᠩᠭᠥᠨ ᠱᠠᠩᠨᠠᠯ ᠢᠶᠠᠷ ᠱᠠᠩᠨᠠᠬᠤ ᠶᠤᠮ ᠪᠠᠶᠢᠨ᠎ᠠ᠃